ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/11
     12 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠢᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠤᠳᠤᠷᠢᠳᠬᠤ ᠺᠠᠳ᠋ᠷᠴᠤᠳ ᠤᠨ ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠣᠬᠢᠴᠠᠭᠤᠯᠬᠤ ᠲᠣᠭᠲᠠᠴᠠ ᠪᠠᠨ ᠲᠡᠭᠦᠯᠳᠡᠷᠵᠢᠭᠦᠯᠵᠦ᠂ ᠰᠢᠨ᠎ᠡ ᠪᠠᠶᠢᠳᠠᠯ ᠳᠣᠤᠷ᠎ᠠ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠴᠢᠳᠠᠪᠤᠷᠢ᠂ ᠮᠡᠳᠡᠯᠭᠡ ᠶᠢᠨ ᠥᠮᠴᠢᠯᠡᠬᠦ ᠡᠷᠬᠡ ᠶᠢ ᠶᠡᠬᠡᠪᠡᠷ ᠬᠠᠮᠠᠭᠠᠯᠠᠬᠤ ᠠᠵᠢᠯ ᠤᠨ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠳᠠᠶᠠᠭᠠᠷ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ᠂ ᠤᠯᠤᠰ ᠲᠥᠷᠥ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠭᠦᠨ ᠳᠠᠪᠬᠤᠷᠭ᠎ᠠ ᠶᠢᠨ ᠠᠰᠠᠭᠤᠳᠠᠯ ᠢ ᠡᠷᠭᠢᠴᠡᠭᠦᠯᠦᠨ ᠪᠣᠳᠣᠵᠤ ᠂ ᠦᠵᠡᠯ ᠰᠠᠨᠠᠭ᠎ᠠ ᠦᠵᠡᠯᠲᠡ ᠨᠢᠭᠡᠪᠦᠷᠢ᠂ ᠤᠯᠤᠰ ᠲᠥᠷᠥ ᠶᠢᠨ ᠨᠤᠲᠠᠯᠠᠯᠲᠠ ᠨᠢᠭᠡᠪᠦᠷᠢ᠂ ᠦᠢᠯᠡᠳᠦᠯᠭᠡ ᠶᠢᠨ ᠱᠠᠭᠠᠷᠳᠠᠯᠭ᠎ᠠ ᠨᠢᠭᠡᠪᠦᠷᠢ ᠶᠢ ᠪᠥᠬᠦ ᠲᠠᠯ᠎ᠠ ᠪᠠᠷ ᠡᠵᠡᠮᠰᠢᠵᠦ᠂ ᠨᠡᠪᠲᠡ ᠣᠶᠢᠯᠠᠭᠠᠬᠤ ᠪᠠᠷ ᠴᠢᠷᠮᠠᠶᠢᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ ᠭᠤᠣᠯ ᠰᠢᠵᠢᠮ ᠢ ᠪᠠᠲᠤ ᠪᠠᠬᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠪᠦᠬᠦ ᠲᠠᠯ᠎ᠠ ᠪᠠᠷ ᠪᠠᠷᠢᠮᠵᠢᠶ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ᠂ ᠮᠠᠨ ᠤ ᠬᠤᠲᠠ ᠶᠢᠨ ᠦᠨᠳᠦᠰᠦᠲᠡᠨ ᠤ ᠠᠵᠢᠯ ᠤᠨ ᠪᠣᠳᠠᠲᠤ ᠪᠠᠶᠢᠳᠠᠯ ᠳᠤ ᠨᠡᠶᠢᠴᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠪᠥᠷᠢᠯᠳᠦᠭᠦᠯᠵᠦ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠴᠢ ᠡᠯ᠎ᠡ ᠱᠠᠲᠤᠨ ᠤ ᠤᠳᠤᠷᠢᠳᠬᠤ ᠪᠠᠭ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠦᠨᠡᠨ ᠬᠦ ᠰᠠᠶᠢᠲᠤᠷ ᠠᠳᠬᠤᠵᠤ᠂ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠥᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠢᠴᠢ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠰᠠᠶᠢᠲᠤᠷ ᠠᠳᠬᠤᠬᠤ ᠲᠤᠬᠠᠢ ᠴᠢᠬᠤᠯᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠪᠠᠨ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠳᠬᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠢ ᠨᠢᠭᠡᠳᠦᠯᠲᠡᠶ ᠲᠥᠯᠥᠪᠵᠢᠭᠦᠯᠬᠦ ᠶᠢ ᠰᠠᠶᠢᠲᠤᠷ ᠠᠳᠬᠤᠵᠤ᠂ ᠤᠯᠤᠰ ᠲᠥᠷᠥ ᠶᠢᠨ ᠠᠮᠢ ᠠᠬᠤᠶ ᠶᠢ ᠰᠡᠷᠭᠦᠭᠡᠨ ᠵᠠᠰᠠᠬᠤ ᠪᠠ ᠴᠡᠪᠡᠷᠰᠢᠭᠦᠯᠬᠦ ᠠᠵᠢᠯ ᠢᠶᠠᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠠᠷᠢᠨ ᠣᠨᠣᠴᠠᠲᠠᠶ ᠪᠠᠷ ᠬᠢᠨᠠᠯᠲᠠ ᠲᠠᠯᠪᠢᠵᠤ ᠰᠠᠬᠢᠯᠭ᠎ᠠ ᠪᠠᠲᠤ ᠪᠠᠨ ᠬᠡᠷᠡᠭᠵᠢᠭᠦᠯᠵᠦ᠂ ︽ᠨᠢᠭᠡ ᠬᠡᠷᠡᠭ ᠢ ᠬᠤᠶᠠᠷ ᠪᠠᠶᠢᠴᠠᠭᠠᠬᠤ︾ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号