ᠤᠳᠠ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠪᠠ
ᠨᠡᠶᠢᠲᠡᠯᠡᠭᠰᠡᠨ ᠴᠠᠭ᠄
2020/12/14
     ᠤᠳᠠ ᠲᠣᠭᠤᠷᠢᠭ ᠤᠨ ᠡᠯ᠎ᠡ ᠰᠠᠯᠠᠭ᠎ᠠ ᠮᠥᠴᠢᠷ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠠᠨ ᠵᠦᠢᠯ ᠤᠨ ᠬᠡᠯᠪᠡᠷᠢ ᠶᠢ ᠠᠪᠴᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠬᠠᠭᠤᠯᠤᠨ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠪᠡ᠃      12 ᠰᠠᠷ᠎ᠠ ᠶᠢᠨ 9 ᠤ ᠡᠳᠦᠷ᠂ ᠤᠳᠠ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠨᠠᠮ ᠤᠨ ᠭᠡᠰᠢᠭᠦᠨ ᠺᠠᠳ᠋ᠷ ᠠᠵᠢᠯᠲᠠᠨ ᠳᠤ ᠪᠥᠬᠦᠳᠡ ᠬᠤᠷᠠᠯ ᠳᠤ ᠪᠠᠶᠢᠳᠠᠭ ᠪᠥᠬᠦ ᠲᠠᠯᠠᠴᠢ ᠴᠢᠨᠠᠷ᠂ ᠲᠡᠤᠬᠡᠲᠦ ᠴᠢᠨᠠᠷ ᠤᠨ ᠴᠢᠬᠤᠯᠠ ᠠᠴᠢ ᠬᠤᠯᠪᠣᠭᠳᠠᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠤᠯᠤᠰ ᠤᠨ ᠬᠦᠭᠵᠢᠯᠳᠡ ᠶᠢᠨ ᠵᠢᠯᠣᠭᠤᠳᠬᠤ ᠴᠢᠭᠯᠡᠯᠲᠡ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠳᠠ ᠳᠤ ᠨᠡᠩ ᠲᠣᠳᠣᠷᠬᠠᠶ ᠲᠠᠨᠢᠯᠲᠠ ᠲᠠᠢ ᠪᠣᠯᠵᠠᠶ᠃ ᠣᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠠᠵᠢᠯ ᠤᠨ ᠦᠢᠯᠡᠳᠦᠯᠭᠡ ᠶᠢᠨ ᠳᠤᠮᠳᠠ ᠤᠯᠠᠮ ᠨᠢᠭᠡ ᠠᠯᠬᠤᠮ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠮᠥᠨ ᠴᠢᠨᠠᠷ ᠪᠣᠯᠤᠨ ᠭᠤᠤᠯ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠠᠵᠢᠯᠴᠢᠨ ᠤ ᠡᠪᠯᠡᠯ ᠤᠨ ᠡᠯ᠎ᠡ ᠵᠦᠢᠯ ᠤᠨ ᠠᠵᠢᠯ ᠤᠨ ᠳᠤᠮᠳᠠ ᠦᠨᠡᠨ ᠬᠦ ᠨᠠᠶᠢᠳᠠᠪᠤᠷᠢᠵᠢᠭᠤᠯᠵᠤ᠂ ᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢ ᠨᠡᠮᠡᠷᠢᠯᠡᠨ᠎ᠡ ᠬᠡᠵᠡᠢ᠃      12 ᠰᠠᠷ᠎ᠠ ᠶᠢᠨ 9 ᠤ ᠡᠳᠦᠷ᠂ ᠰᠤᠬᠠᠶᠢᠲᠤ ᠵᠡᠭᠡᠯᠢ ᠭᠤᠳᠤᠮᠵᠢ ᠶᠢᠨ ᠬᠡᠷᠡᠭ ᠡᠷᠭᠢᠯᠡᠬᠦ ᠭᠠᠵᠠᠷ ᠤᠨ ᠬᠢᠨ ᠲᠣᠭᠤᠷᠢᠭ ᠤᠨ ᠨᠠᠮ ᠤᠨ ᠰᠤᠷᠭᠠᠭᠤᠯᠢ ᠶᠢᠨ ᠤᠬᠠᠭᠤᠯᠤᠨ ᠲᠠᠶᠢᠯᠪᠤᠷᠢᠯᠠᠭᠴᠢ ᠶᠢ ᠤᠷᠢᠵᠤ᠂ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷ ᠵᠢᠴᠢ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪᠲᠦ ᠰᠤᠷᠤᠯᠴᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠭᠴᠢ ᠠᠴᠠ ᠪᠦᠭᠦᠳᠡ ᠬᠤᠷᠠᠯ ᠤᠨ ᠵᠣᠷᠢᠭ ᠰᠠᠨᠠᠭ᠎ᠠ ᠠᠴᠠ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ 2035 ᠣᠨ ᠤ ᠠᠯᠤᠰ ᠤᠨ ᠬᠠᠷᠠᠯᠲᠠ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠴᠢᠭᠯᠡᠯᠲᠡ᠂ ᠵᠠᠷᠴᠢᠮ ᠪᠣᠯᠤᠨ ᠴᠢᠬᠤᠯᠠ ᠡᠭᠦᠷᠭᠡ ᠵᠡᠷᠭᠡ ᠬᠡᠳᠦᠨ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠠᠭᠤᠯᠤᠭᠳᠠᠬᠤᠨ ᠢ ᠤᠯᠠᠮ ᠨᠢᠭᠡ ᠠᠯᠬᠤᠮ ᠡᠵᠡᠮᠰᠢᠬᠦ ᠳᠤ ᠮᠠᠰᠢ ᠴᠢᠩᠭ᠎ᠠ ᠵᠢᠯᠣᠭᠤᠳᠬᠤ ᠴᠢᠨᠠᠷᠲᠠᠶ ᠶᠤᠮ᠃ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷᠴᠤᠳ ᠢᠯᠡᠷᠭᠡᠶᠢᠯᠡᠵᠡᠭᠡᠭᠰᠡᠨ ᠨᠢ᠂ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠲᠣᠬᠢᠶᠠᠯ ᠪᠤᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠬᠠᠯᠠᠭᠤᠨ ᠥᠷᠨᠢᠯᠲᠡ ᠶᠢ ᠤᠯᠠᠮ ᠨᠢᠭᠡ ᠠᠯᠬᠤᠮ ᠥᠷᠨᠢᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠭᠦᠨᠵᠡᠭᠡᠶ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠪᠣᠰᠤᠭ᠎ᠠ ᠴᠣᠭᠴᠠᠲᠤ ᠤᠬᠠᠭᠤᠯᠭ᠎ᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠷᠢᠶᠠᠲᠤ ᠣᠷᠣᠨ ᠳᠤ ᠦᠨᠳᠦᠰᠦᠯᠡᠭᠦᠯᠬᠦ ᠶᠢ ᠠᠬᠢᠭᠤᠯᠤᠨ᠎ᠠ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号