ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ ᠳᠣᠤᠷ᠎ᠠ ᠬᠠᠭᠠᠰ ᠵᠢᠯ ᠳᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ ᠵᠢᠴᠢ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠱᠠᠲᠤ ᠬᠤᠪᠢᠶᠠᠨ ᠰᠤᠭᠤᠴᠢᠨ ᠪᠠᠶᠢᠴᠠᠭᠠᠬᠤ ᠲᠤᠰᠢᠶᠠᠯ ᠤᠨ ᠮᠡᠳᠡᠭᠦᠯᠦᠯᠲᠡ ᠬᠢᠬᠦ ᠠᠵᠢᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/12/14
     12 ᠰᠠᠷ᠎ᠠ ᠶᠢᠨ 11 ᠤ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ ᠳᠣᠤᠷ᠎ᠠ ᠬᠠᠭᠠᠰ ᠵᠢᠯ ᠳᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ ᠵᠢᠴᠢ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠱᠠᠲᠤ ᠬᠤᠪᠢᠶᠠᠨ ᠰᠤᠭᠤᠴᠢᠨ ᠪᠠᠶᠢᠴᠠᠭᠠᠬᠤ ᠲᠤᠰᠢᠶᠠᠯ ᠤᠨ ᠮᠡᠳᠡᠭᠦᠯᠦᠯᠲᠡ ᠬᠢᠬᠦ ᠠᠵᠢᠯ ᠤᠨ ᠬᠤᠷᠠᠯ ᠬᠤᠷᠠᠯᠳᠣᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ ᠬᠠᠨ ᠬᠦᠸᠧ ᠦ᠋ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠿᠧᠨ ᠸᠧᠨ ᠢ᠂ ᠪᠠᠢ ᠬᠠᠢ ᠿᠦᠩ᠂ ᠽᠦᠸᠧ ᠶᠢᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠪᠠᠶ ᠬᠠᠶ ᠿᠦᠩ ᠵᠢᠴᠢ ᠰᠤᠭᠤᠴᠢᠨ ᠪᠠᠶᠢᠴᠠᠭᠠᠭᠳᠠᠭᠰᠠᠨ ᠲᠤᠰᠬᠠᠶ ᠵᠥᠪᠯᠡᠯ ᠤᠨ ᠬᠠᠷᠢᠭᠤᠴᠠᠯᠭᠠᠲᠠᠨ᠂ ᠪᠠᠶᠢᠩᠭᠤ ᠶᠢᠨ ᠬᠤᠷᠢᠶᠠᠨ ᠤ ᠭᠡᠰᠢᠭᠦᠳ ᠨᠠᠮ ᠤᠨ ᠪᠠᠶᠢᠭᠤᠯᠤᠯᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠰᠬᠠᠶ ᠠᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠵᠢᠴᠢ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠪᠠᠨ ᠬᠦᠢᠴᠡᠳᠭᠡᠭᠰᠡᠨ ᠪᠠᠶᠢᠳᠠᠯ᠂ ᠪᠠᠶᠢᠩᠭᠤ ᠶᠢᠨ ᠬᠤᠷᠢᠶᠠᠨ ᠤ ᠭᠡᠰᠢᠭᠦᠨ ᠤ ᠡᠭᠦᠷᠭᠡ ᠲᠤᠰᠢᠶᠠᠯ ᠢᠶᠠᠨ ᠬᠦᠢᠴᠡᠳᠭᠡᠭᠰᠡᠨ ᠪᠠᠶᠢᠳᠠᠯ ᠤᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠵᠡᠶ᠃      ᠬᠠᠨ ᠬᠦᠸᠧ ᠡᠣ ᠵᠢᠭᠠᠵᠤ ᠭᠠᠷᠭᠠᠭᠰᠠᠨ ᠨᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ ᠳᠤᠭᠤᠶᠢᠯᠠᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠵᠢᠴᠢ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠱᠠᠲᠤ ᠬᠤᠪᠢᠶᠠᠨ ᠰᠤᠭᠤᠴᠢᠨ ᠪᠠᠶᠢᠴᠠᠭᠠᠬᠤ ᠲᠤᠰᠢᠶᠠᠯ ᠤᠨ ᠮᠡᠳᠡᠭᠦᠯᠦᠯᠲᠡ ᠬᠢᠬᠦ ᠪᠣᠯ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠲᠠᠢ ᠪᠠᠶᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠳᠠᠷᠤᠯᠲᠠ ᠶᠢ ᠱᠠᠲᠤ ᠱᠠᠲᠤ ᠪᠠᠷ ᠲᠠᠮᠵᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ᠂ ᠮᠥᠨ ᠴᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠣᠷᠢᠳᠬᠤ ᠳᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠬᠦᠢᠴᠡᠳᠭᠡᠬᠦ ᠪᠣᠳᠠᠲᠠᠶ ᠢᠯᠡᠷᠡᠯ ᠪᠣᠯᠤᠨ᠎ᠠ ᠬᠡᠵᠡᠢ᠃      ᠬᠠᠨ ᠬᠦᠸᠧ ᠡᠣ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠤᠭᠳᠠᠯ ᠪᠥᠬᠦᠶ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠮᠠᠭᠲᠠ ᠪᠡᠶ᠎ᠡ ᠪᠠᠨ ᠴᠢᠩᠭ᠎ᠠ ᠱᠠᠭᠠᠷᠳᠠᠬᠤ ᠶᠢ ᠪᠠᠷᠢᠮᠲᠠᠯᠠᠵᠤ᠂ ᠲᠦᠷᠢᠮ ᠤᠨ ᠬᠡᠷᠡᠭᠵᠢᠭᠦᠯᠦᠯᠲᠡ ᠶᠢ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠶ︔ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠰᠤᠷᠲᠠᠯ ᠤᠨ ᠪᠠᠶᠢᠭᠤᠯᠤᠯᠲᠠ ᠶᠢ ᠬᠦᠨᠵᠡᠬᠡᠶᠢᠷᠡᠬᠦᠯᠬᠦ ᠲᠠᠯ᠎ᠠ ᠪᠠᠷ ᠪᠠᠷᠢᠮᠵᠢᠶ᠎ᠠ ᠪᠠᠨ ᠨᠡᠩ ᠥᠨᠳᠥᠷ᠂ ᠱᠠᠭᠠᠷᠳᠠᠯᠭ᠎ᠠ ᠪᠠᠨ ᠨᠡᠩ ᠴᠢᠩᠭ᠎ᠠ᠂ ᠠᠷᠭ᠎ᠠ ᠬᠡᠮᠵᠢᠶ᠎ᠡ ᠪᠠᠨ ᠨᠡᠩ ᠪᠣᠳᠠᠲᠠᠶ ᠪᠣᠯᠭᠠᠵᠤ᠂ ᠳᠠᠯᠳᠠ ᠬᠤᠪᠢᠷᠠᠯᠲᠠ ᠲᠠᠢ ︽ᠳᠥᠷᠪᠡᠨ ᠰᠤᠷᠲᠠᠯ︾ ᠤᠨ ᠠᠰᠠᠭᠤᠳᠠᠯ ᠢ ᠬᠦᠨᠵᠡᠭᠡᠢ ᠡᠷᠢᠵᠦ ᠴᠡᠭᠴᠡᠯᠡᠨ ᠵᠠᠰᠠᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号