ᠲᠡᠦᠭᠡᠨ ᠣᠯᠠᠷᠢᠯ ︵ᠬᠤᠷᠢᠨᠲ᠋ᠥ᠋ᠷᠪᠡ︶ | 2007 ᠤᠨ | 1 ᠰᠠᠷ᠎ᠠ ᠶᠢᠨ 1 ᠤ ᠡᠳᠦᠷ ᠦᠬᠠᠢ ᠬᠤᠳᠠ ᠲᠤᠤᠷ᠎ᠠ ᠪᠠᠳᠤᠯᠭᠠᠳᠤ ᠠᠮᠢᠳᠤᠷᠠᠯ ᠤᠨ ᠲᠤᠰᠠᠯᠠᠮᠵᠢ ᠶᠢᠨ | ᠮᠦᠩᠭᠦᠨ ᠤ ᠪᠠᠷᠢᠮᠵᠢᠶ᠎ᠠ ᠶᠢ ᠲᠠᠭᠢᠨᠳᠠ ᠨᠡᠮᠡᠭᠳᠡᠭᠦᠯᠵᠠᠢ᠂ 2006 ᠤᠨ ᠤ ᠰᠠᠷ᠎ᠠ ᠪᠦᠷᠢ ᠶᠢᠨ 180 ᠲᠦᠭᠦᠷᠢᠭ | ᠠᠴᠠ 200 ᠲᠦᠭᠦᠷᠢᠭ ᠪᠤᠯᠭᠠᠨ ᠨᠡᠮᠡᠭᠳᠡᠭᠦᠯᠵᠡᠢ᠃ ᠲᠤᠤᠷ᠎ᠠ ᠪᠠᠳᠤᠯᠭᠠᠳᠤ ᠡᠳᠡᠭᠡᠳ ᠤᠨ ᠲᠤᠳᠤᠷᠠᠭᠢ | ᠨᠠᠰᠤᠳᠠᠶᠢᠴᠤᠳ ᠲᠤ ᠬᠦᠮᠦᠨ ᠪᠤᠯᠭᠠᠨ ᠰᠠᠷ᠎ᠠ ᠪᠦᠷᠢ 50 ᠲᠦᠭᠦᠷᠢᠭ ᠤᠨ ᠨᠦᠬᠦᠪᠦᠷᠢ ᠮᠦᠩᠭᠦ ᠦᠷᠭᠦᠯᠵᠢᠯᠡᠨ | ᠦᠭᠬᠦᠨ᠎ᠡ᠃ | 1 ᠰᠠᠷ᠎ᠠ ᠶᠢᠨ 25 ᠤ ᠡᠳᠦᠷ ᠦᠬᠠᠢ ᠬᠤᠳᠠ ᠶᠢᠨ ᠢᠳᠡᠭᠡᠨ ᠤᠮᠳᠠᠭᠠᠨ ᠤ ᠦᠢᠯᠡᠰ ᠤᠨ ᠨᠡᠶᠢᠭᠡᠮᠯᠢᠭ | ᠪᠠᠶᠢᠭᠤᠯᠤᠭᠳᠠᠵᠠᠢ᠃ | 2 ᠰᠠᠷ᠎ᠠ ᠶᠢᠨ 5~ 8 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠵᠢᠷᠭᠤᠳᠤᠭᠠᠷ | ᠬᠤᠭᠤᠴᠠᠭᠠᠨ ᠤ ᠬᠡᠰᠢᠭᠦᠳ ᠤᠨ ᠲᠦᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠷᠠᠯ ᠢᠶᠠᠷ ᠤᠯᠤᠰ | ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠵᠦᠪᠯᠡᠯ ᠤᠨ ᠠᠵᠢᠯ ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠶᠢᠨ | ᠬᠢᠨᠠᠨ ᠪᠠᠶᠢᠴᠠᠭᠠᠯᠳᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠪᠠᠳᠤᠯᠠᠪᠡ᠃ | 2 ᠰᠠᠷ᠎ᠠ ᠶᠢᠨ 6~ 9 ᠤ ᠡᠳᠦᠷ᠂ ᠦᠬᠠᠢ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠬᠤᠷᠠᠯ ᠠᠴᠠ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠳᠡ᠂ ᠠᠷᠠᠳ ᠤᠨ | ᠲᠦᠯᠦᠭᠡᠯᠡᠭᠴᠢᠳ ᠤᠨ ᠪᠠᠶᠢᠩᠭᠤ ᠶᠢᠨ ᠬᠡᠰᠢᠭᠦᠳ ᠤᠨ ᠠᠵᠢᠯ ᠤᠨ ᠮᠡᠳᠡᠭᠦᠯᠦᠯᠳᠡ᠂ ᠦᠬᠠᠢ ᠬᠤᠳᠠ ᠶᠢᠨ ᠲᠤᠮᠳᠠ | ᠵᠡᠷᠭᠡ ᠶᠢᠨ ᠠᠷᠠᠳ ᠤᠨ ᠰᠢᠬᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ | ᠶᠢ ᠰᠤᠨᠤᠰᠴᠤ᠂ ᠬᠢᠨᠠᠨ ᠶᠠᠷᠢᠯᠴᠠᠵᠤ᠂ ᠪᠠᠳᠤᠯᠠᠵᠠᠢ᠃ | 3 ᠰᠠᠷ᠎ᠠ ᠶᠢᠨ 1~ 2 ᠤ ᠡᠳᠦᠷ᠂ ᠬᠠᠶᠢᠷᠤᠪ ᠤᠨ ᠲᠤᠬᠤᠢ ᠲᠤᠭᠤᠷᠢᠭ ᠤᠨ ᠴᠡᠭᠡᠯ ᠠᠭᠤᠯᠠ ᠶᠢᠨ | ᠪᠠᠯᠭᠠᠰᠤᠨ ᠤ ᠬᠤᠶᠠᠷ ᠮᠠᠯᠴᠢᠨ ᠠᠶᠢᠯ ᠤᠨ ᠬᠤᠳᠠᠨ ᠳᠤ ᠴᠢᠨ᠋ᠸ᠎ᠠ ᠤᠷᠤᠵᠤ᠂ ᠬᠤᠶᠠᠷ ᠬᠤᠨᠢ ᠲᠠᠲᠠᠵᠤ᠂ 11 ᠬᠤᠨᠢ | ᠰᠢᠷᠬᠠᠳᠤᠭᠤᠯᠵᠠᠢ᠂ ᠡᠨᠡ ᠨᠢ ᠲᠤᠰ ᠭᠠᠵᠠᠷ ᠤᠷᠤᠨ ᠳᠤ ᠬᠤᠷᠢᠨ ᠨᠢᠭᠡᠳᠦᠭᠡᠷ ᠵᠠᠭᠤᠨ ᠳᠤ ᠤᠷᠤᠭᠰᠠᠨ ᠠᠴᠠ | ᠰᠡᠭᠦᠯᠡᠷᠭᠢ ᠭᠤᠷᠪᠠᠳᠠᠭᠢ ᠤᠳᠠᠭᠠᠨ ᠤ ᠴᠢᠨ᠋ᠸ᠎ᠠ ᠶᠢᠨ ᠲᠠᠭᠠᠷᠢᠯᠳᠠ ᠳᠤ ᠤᠴᠠᠷᠠᠵᠤ ᠪᠠᠶᠢᠭ᠎ᠠ ᠶᠠᠪᠤᠳᠠᠯ ᠪᠤᠯᠤᠨ᠎ᠠ᠃ | 3 ᠰᠠᠷ᠎ᠠ ᠶᠢᠨ 2~ 4 ᠤ ᠡᠳᠦᠷ᠂ ᠦᠬᠠᠢ ᠶᠢᠨ ᠭᠡᠪᠴᠢᠶᠡᠨ ᠳᠤ ᠶᠡᠭᠡ ᠴᠠᠰᠤ ᠤᠷᠤᠵᠤ᠂ ᠰᠢᠭᠤᠷᠭ᠎ᠠ | ᠳᠡᠭᠳᠡᠭᠰᠡᠨ᠂ ᠬᠦᠢᠳᠡᠨ ᠴᠢᠭᠢᠭᠯᠢᠭ ᠠᠭᠤᠷ ᠠᠮᠢᠰᠬᠤᠯ ᠢᠯᠡᠷᠡᠵᠦ᠂ ᠪᠦᠬᠦ ᠲᠤᠨᠤᠳᠠᠰᠤᠨ ᠤ ᠬᠡᠮᠵᠢᠶ᠎ᠡ 17.8 | ᠮᠢᠯᠢᠮᠧᠲᠷ ᠪᠠᠶᠢᠵᠤ᠂ 2006 ᠤᠨ ᠤ ᠡᠪᠤᠯ ᠠᠴᠠ ᠰᠡᠭᠦᠯᠡᠷ ᠪᠦᠬᠦ ᠬᠤᠳᠠ ᠶᠢᠨ ᠬᠡᠪᠴᠢᠶᠡᠨ ᠳᠤ ᠬᠠᠮᠤᠭ ᠶᠡᠭᠡ | ᠬᠡᠮᠵᠢᠶᠡᠨ ᠤ ᠬᠤᠷ᠎ᠠ ᠪᠠᠭᠤᠵᠤ᠂ ᠬᠦᠢᠳᠡᠷᠡᠭᠰᠡᠨ ᠴᠠᠭ ᠠᠭᠠᠷ ᠤᠨ ᠪᠠᠶᠢᠳᠠᠯ ᠢᠯᠡᠷᠡᠵᠡᠢ᠂ ᠲᠤᠰ ᠭᠠᠵᠠᠷ ᠤᠷᠤᠨ ᠳᠤ | ᠮᠦᠨᠴᠦ 1961 ᠤᠨ ᠳᠤ ᠴᠠᠭ ᠠᠭᠤᠷ ᠤᠨ ᠲᠡᠮᠳᠡᠭᠯᠡᠯ ᠲᠠᠢ ᠪᠤᠯᠤᠭᠰᠠᠨ ᠴᠠᠭ ᠠᠴᠠ ᠬᠤᠶᠢᠰᠢ ᠤᠷᠤᠭᠰᠠᠨ | ᠬᠠᠮᠤᠭ ᠲᠤᠮᠤ ᠴᠠᠰᠤ᠂ ᠬᠦᠢᠳᠡᠨ ᠴᠢᠭᠢᠭᠯᠢᠭ ᠠᠭᠤᠷ ᠠᠮᠢᠰᠬᠤᠯ ᠪᠤᠯᠤᠨ᠎ᠠ᠃ | 4 ᠰᠠᠷ᠎ᠠ ᠶᠢᠨ 5 ᠤ ᠡᠳᠦᠷ᠂ ᠦᠬᠠᠢ ᠬᠤᠳᠠ ᠦᠵᠦᠮ ᠲᠠᠷᠢᠵᠤ ᠤᠷᠭᠤᠭᠤᠯᠬᠤ ᠲᠠᠪᠠᠭᠤᠯᠢᠭ ᠲᠠᠭᠠᠨ | ᠲᠦᠰᠢᠭᠯᠡᠵᠦ᠂ ᠤᠯᠤᠰ ᠤᠨ ︽100 ᠠᠵᠤ ᠠᠬᠤᠢ ᠶᠢᠨ ᠤᠢ ᠰᠢᠭᠤᠢ ᠶᠢᠨ ᠦᠢᠯᠡᠰ ᠤᠨ ᠵᠢᠱᠢᠶ᠎ᠡ ᠦᠵᠡᠭᠦᠯᠭᠦ | ᠰᠢᠶᠠᠨ ︵ᠬᠤᠳᠠ︶︾ ᠶᠢᠨ ᠢᠷᠠᠭᠤ ᠠᠯᠳᠠᠷ ᠢ ᠬᠦᠷᠳᠡᠵᠦ᠂ ᠲᠤᠰ ᠢᠷᠠᠭᠤ ᠠᠯᠳᠠᠷ ᠢ ᠬᠦᠷᠳᠡᠭᠰᠡᠨ ᠦᠪᠡᠷᠳᠡᠭᠡᠨ | ᠵᠠᠰᠠᠬᠤ ᠤᠷᠤᠨ ᠤ ᠭᠤᠷᠪᠠᠨ ᠬᠤᠳᠠ᠂ ᠰᠢᠶᠠᠨ ︵ᠦᠬᠠᠢ ᠬᠤᠳᠠ᠂ ᠬᠠᠷᠠᠴᠢᠨ ᠬᠤᠰᠢᠭᠤ᠂ ᠤᠷᠠᠳ ᠬᠤᠰᠢᠭᠤ︶ ᠤ | ᠨᠢᠭᠡ ᠪᠤᠯᠵᠠᠢ᠃ | 4 ᠰᠠᠷ᠎ᠠ ᠳᠤ᠂ ᠦᠬᠠᠢ ᠬᠤᠳᠠ ᠶᠢᠨ ᠬᠠᠨ ᠰᠧᠨ ᠦᠵᠦᠮ ᠤᠨ ᠠᠷᠢᠭᠢᠨ ᠤ ᠦᠢᠯᠡᠰ ᠤᠨ ᠬᠢᠵᠠᠭᠠᠷᠳᠤ | ᠺᠤᠮᠫᠠᠨᠢ ᠶᠢᠨ ᠦᠢᠯᠡᠳᠪᠦᠷᠢᠯᠡᠭᠰᠡᠨ ᠬᠠᠨ ᠰᠧᠨ ᠲᠡᠮᠳᠡᠭᠳᠦ ᠦᠵᠦᠮ ᠤᠨ ᠬᠠᠷ᠎ᠠ ᠠᠷᠢᠭᠢ᠂ ᠪᠢᠩ ᠰᠢᠦᠸᠠᠢ ᠯᠢ | ᠦᠵᠦᠮ ᠤᠨ ᠠᠷᠢᠭᠢ ᠵᠡᠷᠭᠡ 8 ᠵᠦᠢᠯ ᠤᠨ ᠦᠢᠯᠡᠳᠭᠦᠨ ᠨᠢ ᠲᠤᠮᠳᠠᠳᠤ ᠤᠯᠤᠰ ᠤᠨ ᠪᠤᠬᠢᠷᠳᠣᠯ ᠦᠬᠡᠢ ᠢᠳᠠᠬᠡᠠ | ᠤ ᠬᠦᠭᠵᠢᠯᠳᠡ ᠶᠢᠨ ᠲᠦᠪ ᠤᠨ ᠰᠢᠯᠭᠠᠨ ᠲᠤᠭᠳᠠᠭᠠᠯᠳᠠ ᠶᠢ ᠦᠩᠭᠡᠷᠡᠭᠡᠭᠡᠳ᠂ AA ᠲᠡᠰ ᠤᠨ ᠪᠤᠭᠢᠷᠳᠠᠯ ᠦᠭᠡᠢ | ᠢᠳᠡᠭᠡᠨ ᠤ ᠦᠨᠡᠯᠡᠯᠳᠡ ᠶᠢ ᠦᠩᠭᠡᠷᠡᠭᠡᠵᠡᠢ᠃ ᠦᠬᠠᠢ ᠬᠤᠳᠠ ᠶᠢᠨ ᠦᠵᠦᠮ ᠬᠢᠭᠡᠳ ᠦᠵᠦᠮ ᠤᠨ ᠬᠠᠷ᠎ᠠ ᠠᠷᠢᠭᠢ | ᠵᠡᠷᠭᠡ 9 ᠦᠢᠯᠡᠳᠭᠦᠨ ᠨᠢ ᠲᠤᠮᠳᠠᠳᠤ ᠤᠯᠤᠰ ᠤᠨ ᠪᠤᠬᠢᠷᠳᠣᠯ ᠦᠬᠡᠢ ᠢᠳᠠᠬᠡᠠ ᠤ ᠬᠦᠭᠵᠢᠯᠳᠡ ᠶᠢᠨ ᠲᠦᠪ ᠤᠨ | ᠬᠤᠸᠠ ᠰᠢᠶᠠ ᠤᠷᠭᠠᠨᠢᠭ ᠢᠳᠡᠭᠡᠨ ᠤ ᠦᠨᠡᠯᠡᠨ ᠲᠤᠭᠳᠠᠭᠠᠬᠤ ᠲᠦᠪ ᠤᠨ ᠲᠤᠭᠳᠠᠭᠠᠯᠳᠠ ᠶᠢ ᠤᠯᠵᠤ᠂ ᠦᠬᠠᠢ | ᠬᠤᠳᠠ ᠶᠢᠨ ᠪᠤᠬᠢᠷᠳᠡᠯ ᠦᠭᠡᠢ ᠢᠳᠡᠭᠡᠨ ᠪᠤᠯᠤᠨ ᠤᠷᠭᠠᠨᠢᠭ ᠢᠳᠡᠭᠡᠨ ᠪᠠᠶᠢᠬᠤ ᠦᠭᠡᠢ ᠲᠡᠦᠬᠡ ᠶᠢ ᠡᠴᠦᠰᠯᠡᠭᠦᠯᠵᠡᠢ᠃ | 5 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠰᠠᠨ ᠯᠢᠨ ᠰᠠᠶᠢᠨ ᠡᠭᠦᠯᠳᠡᠷ ᠤᠨ ᠤᠢ ᠰᠢᠭᠤᠢ ᠵᠢᠮᠢᠰ | ᠤᠨ ᠮᠤᠳᠤᠨ ᠤ ᠴᠢᠭᠢ ᠮᠤᠳᠤᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠵᠠᠭ ᠮᠤᠳᠤ ︵ᠡᠮᠡᠭᠡᠨ ᠰᠢᠯᠪᠢ︶ ᠶᠢ | ᠴᠠᠭᠠᠨ ᠭᠤᠶᠣᠣ ᠲᠠᠢ ᠠᠮᠵᠢᠯᠳᠠ ᠲᠠᠢ ᠪᠠᠷ ᠦᠶ᠎ᠡ ᠵᠠᠯᠭᠠᠵᠤ᠂ ᠭᠤᠷᠪᠠᠨ ᠵᠢᠯ ᠤᠨ ᠲᠠᠷᠠᠭ᠎ᠠ ᠮᠤ᠋ ᠪᠦᠷᠢ ᠶᠢᠨ ᠤᠨᠠᠯᠳᠠ | ᠶᠢᠨ ᠠᠰᠢᠭ 8 000 ᠲᠦᠭᠦᠷᠢᠭ ᠤᠷᠴᠢᠮ ᠬᠦᠷᠬᠦ ᠪᠤᠯᠤᠨ᠎ᠠ᠃ | 5 ᠰᠠᠷ᠎ᠠ ᠶᠢᠨ 28 ᠤ ᠡᠳᠦᠷ᠂ ᠦᠪᠦᠷ ᠮᠤᠩᠭᠤᠯ ᠤᠨ ᠵᠢᠶᠦ᠋ᠨ ᠵᠧᠩ ᠬᠢᠮᠢ ᠶᠢᠨ ᠦᠢᠯᠡᠳᠪᠦᠷᠢ ᠶᠢᠨ | ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠨᠢ ᠦᠪᠡᠷᠳᠡᠭᠡᠨ ᠵᠠᠰᠠᠬᠤ ᠤᠷᠤᠨ ᠤ ᠰᠢᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠭᠢᠮ ᠠᠴᠠ ᠦᠪᠡᠷᠳᠡᠭᠡᠨ ᠵᠠᠰᠠᠬᠤ ᠤᠷᠤᠨ ᠤ ᠲᠡᠰ ᠤᠨ ᠲᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠬᠡᠮᠡᠨ ᠲᠤᠭᠳᠠᠭᠠᠭᠳᠠᠵᠠᠢ᠃ ᠡᠭᠦᠨᠴᠡ ᠦᠬᠠᠢ ᠬᠤᠳᠠ ᠶᠢᠨ ᠦᠪᠡᠷᠳᠡᠭᠡᠨ ᠵᠠᠰᠠᠬᠤ ᠤᠷᠤᠨ ᠤ ᠲᠡᠰ ᠤᠨ | ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 3 ᠪᠤᠯᠵᠡᠢ᠃ | 5 ᠰᠠᠷ᠎ᠠ ~ 8 ᠰᠠᠷ᠎ᠠ᠂ ᠭᠤᠸᠠᠩᠵᠸᠦ ᠶᠢᠨ ᠠᠭᠠᠷ ᠤᠨ ᠴᠡᠷᠢᠭ ᠤᠨ ᠨᠢᠭᠡᠨ ᠳ᠋ᠢᠸᠢᠽᠢ ᠶᠢᠨ ᠬᠠᠩᠭᠠᠭᠰᠠᠨ | ᠲᠡᠭᠡᠭᠡᠪᠦᠷᠢ —8 ᠨᠢᠰᠭᠡᠯ ᠬᠢᠭᠡᠳ ᠪᠠᠷᠢᠮᠵᠢᠶᠠᠨ ᠳᠤ ᠨᠡᠶᠢᠴᠡᠭᠰᠡᠨ ᠮᠠᠰᠢᠨ ᠴᠣᠭᠴᠠᠯᠠᠪᠤᠷᠢ ᠨᠢ ᠦᠪᠦᠷ ᠮᠤᠩᠭᠤᠯ ᠤᠨ | ᠪᠠᠷᠠᠭᠤᠨ ᠬᠡᠰᠡᠭ ᠲᠤ ᠪᠤᠷᠤᠭᠠᠨ ᠨᠡᠮᠡᠭᠳᠡᠭᠦᠯᠭᠦ ᠠᠵᠢᠯᠯᠠᠭ᠎ᠠ ᠬᠢᠵᠡᠢ᠃ ᠦᠪᠦᠷ ᠮᠤᠩᠭᠤᠯ ᠤᠨ ᠪᠠᠷᠠᠭᠤᠨ ᠬᠡᠰᠡᠭ ᠲᠤ | ᠬᠢ ᠦᠬᠠᠢ ᠬᠤᠳᠠ᠂ ᠤᠷᠳᠤᠰ ᠬᠤᠳᠠ᠂ ᠠᠯᠠᠱᠠᠨ ᠠᠶᠢᠮᠠᠭ ᠵᠢᠴᠢ ᠱᠠᠨᠪᠸᠢ ᠶᠢᠨ ᠬᠡᠰᠡᠭ ᠭᠠᠵᠠᠷ ᠤᠷᠤᠨ ᠢ | ᠪᠠᠭᠳᠠᠭᠠᠨ᠎ᠠ᠂ ᠦᠬᠠᠢ ᠶᠢᠨ ᠨᠢᠰᠭᠡᠯ ᠤᠨ ᠲᠠᠯᠠᠪᠠᠢ ᠨᠢ ᠦᠪᠦᠷ ᠮᠤᠩᠭᠤᠯ ᠤᠨ ᠪᠠᠷᠠᠭᠤᠨ ᠬᠡᠰᠡᠭ ᠲᠤ ᠪᠤᠷᠤᠭᠠᠨ | ᠨᠡᠮᠡᠭᠳᠡᠭᠦᠯᠭᠦ ᠠᠵᠢᠯᠯᠠᠭᠠᠨ ᠤ ᠨᠢᠰᠭᠡᠯ ᠤᠨ ᠪᠠᠭᠤᠵᠤ ᠨᠢᠰᠬᠦ ᠲᠠᠯᠠᠪᠤᠷ ᠪᠤᠯᠵᠤ᠂ ᠴᠠᠭ ᠠᠭᠤᠷ᠂ ᠬᠡᠷᠡᠭ ᠶᠠᠪᠤᠳᠠᠯ ᠤᠨ | ᠮᠡᠳᠡᠭᠦᠯᠦᠯᠳᠡ ᠵᠢᠴᠢ ᠭᠠᠵᠠᠷ ᠲᠡᠭᠡᠷᠡᠭᠢ ᠪᠠᠳᠤᠯᠠᠭ᠎ᠠ ᠶᠢᠨ ᠠᠵᠢᠯ ᠢ ᠬᠠᠷᠢᠭᠤᠴᠠᠬᠤ ᠪᠠᠷ ᠪᠤᠯᠵᠠᠢ᠃ ᠪᠤᠷᠤᠭᠠᠨ | ᠨᠡᠮᠡᠭᠳᠡᠭᠦᠯᠭᠦ ᠨᠢᠰᠭᠡᠯ ᠨᠢ 5 ᠤᠳᠠᠭ᠎ᠠ ᠨᠢᠰᠴᠤ᠂ 15 ᠴᠠᠭ ᠠᠵᠢᠯᠯᠠᠨ᠂ ᠪᠤᠷᠤᠭᠠᠨ ᠤ ᠬᠡᠮᠵᠢᠶ᠎ᠡ ᠶᠢ 2006 ᠤᠨ ᠤ | ᠬᠢ ᠠᠴᠠ 100 ᠮᠢᠯᠢᠯᠢᠲ᠋ᠧᠷ ᠨᠡᠮᠡᠭᠳᠡᠭᠦᠯᠵᠡᠢ᠃ | 6 ᠰᠠᠷ᠎ᠠ ᠶᠢᠨ 5 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ᠂ ᠲᠤᠮᠳᠠᠳᠤ ᠤᠯᠤᠰ ᠤᠨ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠲᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠡᠷᠦᠩᠭᠡᠢ | ᠠᠷᠤ ᠬᠡᠯᠳᠡᠰ᠂ ᠡᠷᠡᠭᠦᠯ ᠬᠠᠮᠠᠭᠠᠯᠠᠯ ᠤᠨ ᠬᠡᠯᠳᠡᠰ ᠠᠴᠠ ᠦᠬᠠᠢ ᠬᠤᠳᠠ ᠳᠤ ᠲᠦᠯᠦᠪᠦᠷᠢ ᠦᠭᠡᠢ ᠪᠠᠷ ᠴᠢᠰᠦ | ᠡᠷᠭᠦᠭᠰᠡᠨ ᠲᠠᠪᠰᠢᠩᠭᠤᠢ ᠮᠤᠵᠢ ᠬᠤᠳᠠ ᠶᠢᠨ ᠱᠠᠩᠨᠠᠯ ᠢ ᠬᠦᠷᠳᠡᠭᠡᠵᠡᠢ᠃ ᠦᠬᠠᠢ ᠬᠤᠳᠠ ᠪᠤᠯ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠴᠤᠷᠢ ᠶᠢᠨ ᠭᠠᠭᠴᠠ ᠱᠠᠩᠨᠠᠯ ᠬᠦᠷᠳᠡᠭᠰᠡᠨ ᠬᠤᠳᠠ ᠮᠦᠷᠳᠡᠭᠡᠨ ᠡᠶᠢᠮᠦᠷᠭᠦ ᠱᠠᠩᠨᠠᠯ | ᠢ ᠬᠤᠶᠠᠳᠠᠬᠢ ᠣᠳᠠᠭ᠎ᠠ ᠪᠠᠨ ᠬᠦᠷᠳᠡᠵᠦ ᠪᠠᠶᠢᠭ᠎ᠠ ᠬᠤᠳᠠ ᠪᠤᠯᠤᠨ᠎ᠠ᠃ | 6 ᠰᠠᠷ᠎ᠠ ᠶᠢᠨ 8 ᠤ ᠡᠳᠦᠷ᠂ ᠦᠬᠠᠢ ᠬᠤᠳᠠ ᠶᠢᠨ ᠬᠥᠳᠡᠯᠮᠦᠷᠢ ᠶᠢᠨ ᠵᠢᠭᠤᠷᠠᠭᠠᠨ ᠢ ᠬᠥᠨᠳᠡᠯᠡᠨ ᠠᠴᠠ | ᠲᠠᠰᠤᠯᠬᠤ ᠵᠦᠪᠯᠡᠯ ᠪᠠᠶᠢᠭᠤᠯᠤᠭᠳᠠᠪᠠ᠃ | 6 ᠰᠠᠷ᠎ᠠ ᠶᠢᠨ 15 ᠤ ᠡᠳᠦᠷ᠂ ᠦᠬᠠᠢ ᠬᠤᠳᠠ ᠶᠢᠨ ᠨᠣᠣᠷᠬᠠᠢ ᠣᠷᠣᠨ ᠰᠠᠭᠤᠴᠠᠳᠤ ᠲᠣᠭᠤᠷᠢᠭ ᠢ | ᠨᠡᠭᠦᠯᠭᠡᠬᠦ ᠲᠦᠷᠦᠯ ᠵᠦᠢᠯ ᠤᠨ ᠠᠵᠢᠯ ᠪᠦᠬᠦ ᠲᠠᠯ᠎ᠠ ᠪᠠᠷ ᠡᠬᠢᠯᠡᠵᠦ᠂ ᠭᠤᠷᠪᠠᠨ ᠲᠤᠭᠤᠷᠢᠭ ᠤᠨ ᠨᠡᠭᠦᠯᠭᠡᠬᠦ ᠤᠷᠤᠨ | ᠪᠠᠶᠢᠷᠢᠰᠢᠯ ᠢ ᠲᠤᠭᠳᠠᠭᠠᠵᠠᠢ᠂ ᠪᠠᠷᠢᠯᠭ᠎ᠠ ᠶᠢᠨ ᠪᠦᠬᠦ ᠲᠠᠯᠠᠪᠠᠢ ᠨᠢ 336 ᠲᠦᠮᠡᠨ ᠲᠡᠭᠰᠢ ᠲᠦᠷᠪᠡᠯᠵᠢᠨ ᠺᠢᠯᠦᠮᠧᠲᠷ᠂ | ᠡᠭᠦᠨ ᠳᠤ ᠰᠠᠭᠤᠭᠠᠯᠢ ᠠᠷᠠᠳ ᠤᠨ ᠰᠠᠭᠤᠬᠤ ᠭᠡᠷ 318 ᠲᠦᠮᠡᠨ ᠲᠡᠭᠰᠢ ᠲᠦᠷᠪᠡᠯᠵᠢᠨ ᠺᠢᠯᠦᠮᠧᠲᠷ᠂ ᠨᠡᠶᠢᠳᠡ | 518 860 ᠲᠦᠮᠡᠨ ᠲᠦᠭᠦᠷᠢᠭ ᠪᠡᠯᠡ ᠤᠷᠤᠭᠤᠯᠤᠨ᠎ᠠ᠃ ᠨᠡᠭᠦᠯᠭᠡᠬᠦ ᠬᠦᠷᠢᠶ᠎ᠡ ᠬᠡᠪᠴᠢᠶ᠎ᠡ ᠨᠢ ᠬᠠᠶᠢᠷᠤᠪ ᠤᠨ | ᠲᠤᠬᠤᠢ ᠲᠤᠭᠤᠷᠢᠭ ᠤᠨ ᠴᠠᠪᠴᠢᠷ᠂ ᠮᠤᠷᠤᠢ ᠭᠤᠤ ᠶᠢᠨ ᠠᠭᠤᠷᠬᠠᠢ ᠶᠢᠨ ᠤᠷᠤᠨ᠂ ᠬᠠᠶᠢᠨᠠᠨ ᠲᠤᠭᠤᠷᠢᠭ ᠤᠨ | ᠯᠤᠭᠰᠢᠳᠠᠷ᠂ ᠭᠦᠨ᠋ᠤᠰᠤ᠂ ᠷᠠᠰᠠᠩ ᠰᠦᠮ᠎ᠡ ᠶᠢᠨ ᠠᠭᠤᠷᠬᠠᠢ ᠶᠢᠨ ᠤᠷᠤᠨ᠂ ᠤᠳᠠ ᠲᠤᠭᠤᠷᠢᠭ ᠤᠨ ᠯᠢᠶᠠᠩ ᠵᠢᠶᠠ ᠭᠸᠦ᠂ | ᠵᠢᠶᠤᠤ ᠽᠢ ᠭᠸᠦ᠂ ᠦ᠋ ᠬᠤ᠋ ᠱᠠᠨ᠂ ᠰᠤᠬᠠᠶᠢᠳᠤ ᠶᠢᠨ ᠠᠭᠤᠷᠬᠠᠢ ᠶᠢᠨ ᠤᠷᠤᠨ ᠪᠠᠶᠢᠵᠤ᠂ ᠨᠡᠭᠦᠯᠭᠡᠬᠦ ᠴᠢᠬᠤᠯᠠᠳᠠᠢ 45 | 344 ᠡᠷᠦᠭᠡ ᠶᠢᠨ 14.6 ᠲᠦᠮᠡᠨ ᠬᠦᠮᠦᠨ ᠠᠮᠠ ᠪᠤᠢ᠃ ᠲᠦᠷᠦᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢ | ᠭᠤᠷᠪᠠᠨ ᠵᠢᠯ ᠬᠤᠪᠢᠶᠠᠵᠤ᠂ 2007 ᠤᠨ ᠳᠤ 15%᠂ 2008 ᠤᠨ ᠪᠠ 2009 ᠤᠨ ᠳᠤ ᠲᠤᠰ ᠲᠤᠰ | 40% ᠶᠢ ᠲᠠᠭᠤᠰᠬᠠᠵᠤ᠂ 2010 ᠤᠨ ᠳᠤ ᠪᠦᠬᠦᠨ ᠢ ᠲᠠᠭᠤᠰᠬᠠᠬᠤ ᠪᠠᠷ ᠲᠦᠯᠦᠪᠯᠡᠵᠡᠢ᠃ | 6 ᠰᠠᠷ᠎ᠠ ᠶᠢᠨ 15 ~ 22 ᠤ ᠡᠳᠦᠷ᠂ ᠦᠬᠠᠢ ᠬᠤᠳᠠ ᠳᠤ ᠲᠤᠭᠰᠢᠨ ᠪᠤᠷᠤᠭᠠᠨ ᠤᠷᠤᠵᠤ᠂ ᠦᠶᠡᠷ ᠤᠨ | ᠭᠠᠮᠰᠢᠭ ᠲᠤ ᠤᠴᠠᠷᠠᠭᠤᠯᠵᠠᠢ᠂ 745 ᠠᠶᠢᠯ ᠡᠷᠦᠭᠡ ᠶᠢᠨ ᠭᠡᠷ ᠪᠠᠶᠢᠰᠢᠩ ᠨᠤᠷᠠᠵᠤ᠂ 3 688 ᠠᠶᠢᠯ ᠡᠷᠦᠭᠡ ᠶᠢᠨ | ᠭᠡᠷ ᠪᠠᠶᠢᠰᠢᠩ ᠰᠦᠢᠳᠴᠦ᠂ 12 029 ᠮᠤ᠋ ᠲᠠᠷᠢᠶ᠎ᠠ ᠭᠠᠮᠰᠢᠭᠳᠠᠵᠤ᠂ 370 ᠬᠦᠯᠡᠮᠵᠢ ᠶᠢᠨ ᠫᠧᠩ ᠬᠢᠭᠡᠳ 10 | ᠲᠦᠮᠡᠨ ᠲᠡᠭᠰᠢ ᠲᠦᠷᠪᠡᠯᠵᠢᠨ ᠮᠧᠲᠷ ᠬᠦᠷᠢᠶ᠎ᠡ ᠬᠠᠰᠢᠶ᠎ᠠ ᠨᠤᠷᠠᠵᠤ ᠰᠦᠢᠳᠴᠡᠢ᠃ ᠲᠤᠰ ᠣᠳᠠᠭᠠᠨ ᠤ ᠭᠠᠮᠰᠢᠭ ᠲᠤ | 1 474 ᠬᠦᠮᠦᠨ ᠲᠠᠭᠠᠷᠢᠭᠳᠠᠵᠤ᠂ 4 237 ᠲᠦᠮᠡᠨ ᠲᠦᠭᠦᠷᠢᠭ ᠤᠨ ᠠᠵᠤ ᠠᠬᠤᠢ ᠶᠢᠨ ᠰᠢᠭᠤᠳ ᠰᠦᠢᠳᠦᠯ | ᠳᠤ ᠤᠴᠠᠷᠠᠵᠠᠢ᠃ | 6 ᠰᠠᠷ᠎ᠠ ᠶᠢᠨ 25 ~ 26 ᠤ ᠡᠳᠦᠷ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ | ᠨᠠᠷᠢᠨ ᠪᠢᠴᠢᠭ ᠤᠨ ᠲᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ᠂ | ᠲᠤᠮᠳᠠᠳᠤ ᠤᠯᠤᠰ ᠤᠨ ᠠᠷᠠᠤᠠᠴᠵᠯᠠᠯ ᠢᠶᠠᠷ ᠤᠯᠤᠰ ᠪᠠᠶᠢᠭᠤᠯᠬᠤ ᠬᠤᠷᠠᠯ ᠤᠨ ᠲᠦᠪ ᠤᠨ ᠬᠤᠷᠢᠶᠠᠨ ᠤ ᠲᠡᠳ᠋ | ᠲᠡᠷᠢᠭᠦᠯᠡᠭᠴᠢ ᠴᠧᠨ ᠮᠢᠩ ᠳ᠋ᠧ ᠲᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠪᠠᠶᠢᠭᠤᠯᠬᠤ ᠬᠤᠷᠠᠯ ᠤᠨ ᠲᠦᠪ | ᠤᠨ ᠬᠤᠷᠢᠶᠠᠨ ᠤ ᠪᠠᠶᠢᠴᠠᠭᠠᠬᠤ ᠲᠤᠭᠤᠶᠢᠯᠠᠩ ᠢ ᠲᠠᠭᠠᠭᠤᠯᠤᠨ ᠦᠬᠠᠢ ᠳᠤ ᠢᠷᠡᠵᠦ᠂ ᠨᠡᠶᠢᠳᠡ ᠶᠢᠨ ᠦᠮᠴᠢᠯᠡᠯ ᠤᠨ | ᠪᠤᠰᠤ ᠠᠵᠤ ᠠᠬᠤᠶᠢᠯᠠᠯ ᠤᠨ ᠭᠠᠶᠢᠯᠢ ᠶᠢᠨ ᠰᠦᠢᠳᠭᠡᠯ ᠢ ᠲᠠᠭᠠᠭᠠᠴᠢᠯᠠᠬᠤ ᠠᠰᠠᠭᠤᠳᠠᠯ ᠳᠤ ᠪᠠᠶᠢᠴᠠᠭᠠᠯᠳᠠ ᠬᠢᠵᠦ᠂ | ᠬᠠᠶᠢᠨᠠᠨ ᠤᠳᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ᠂ ᠱᠧᠨ ᠬᠤᠸᠠ ᠦᠬᠠᠢ ᠶᠢᠨ ᠨᠡᠭᠦᠷᠡᠰᠦ | ᠬᠡᠦᠷᠡᠰᠦᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠵᠢᠶᠦ᠋ᠨ ᠵᠧᠩ ᠰᠢᠨᠵᠢᠯᠡᠭᠡ ᠮᠡᠷᠭᠡᠵᠢᠯ ᠤᠨ ᠦᠢᠯᠡᠳᠪᠦᠷᠢᠯᠡᠯ | ᠤᠨ ᠪᠦᠯᠦᠭᠯᠡᠯᠳᠦ ᠺᠤᠮᠫᠠᠨᠢ᠂ ᠦᠪᠦᠷ ᠮᠤᠩᠭᠤᠯ ᠤᠨ ᠬᠠᠢ ᠵᠢᠢ ᠾᠧᠯᠤᠷᠳᠦ ᠱᠦᠯᠳᠦ ᠬᠢᠮᠢ ᠶᠢᠨ ᠦᠢᠯᠡᠳᠪᠦᠷᠢ ᠶᠢᠨ | ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠵᠡᠷᠭᠡ ᠠᠵᠤ ᠠᠬᠤᠶᠢᠯᠠᠯ ᠤᠳ ᠢᠶᠠᠷ ᠲᠤᠭᠤᠷᠢᠨ ᠦᠵᠡᠵᠦ᠂ ᠨᠡᠶᠢᠳᠡ | ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢ ᠤᠶᠢᠯᠠᠭᠠᠵᠠᠢ᠃ | 6 ᠰᠠᠷ᠎ᠠ ᠶᠢᠨ 28 ᠤ ᠡᠳᠦᠷ᠂ ᠭᠤᠴᠢ ᠭᠠᠷᠤᠢ ᠵᠠᠭᠤᠴᠢᠯᠠᠭᠤᠷ᠂ 40 ᠣᠷᠴᠢᠮ ᠰᠤᠷᠪᠤᠯᠵᠢᠯᠠᠭᠴᠢ ᠪᠠᠷ | ᠪᠦᠷᠢᠯᠳᠦᠭᠰᠡᠨ ᠲᠦᠪ ᠤᠨ ᠰᠤᠨᠢᠨ ᠮᠡᠳᠡᠭᠡᠨ ᠤ ᠰᠤᠷᠪᠤᠯᠵᠢᠯᠠᠭ᠎ᠠ ᠶᠢᠨ ᠪᠦᠯᠭᠦᠮ ᠦᠬᠠᠢ ᠬᠤᠳᠠ ᠳᠤ ᠢᠷᠡᠵᠡᠢ᠂ | ᠬᠤᠳᠠ ᠶᠢᠨ ᠨᠠᠮ ᠤᠨ ᠬᠤᠷᠢᠶᠠᠨ ᠤ ᠱᠦᠵᠢ ᠵᠤᠤ ᠵᠦᠩ ᠰᠢᠨᠬᠤᠸᠠ ᠬᠤᠷᠢᠶ᠎ᠠ᠂ ᠲᠤᠮᠳᠠᠳᠤ ᠤᠯᠤᠰ ᠤᠨ ᠤᠯᠠᠨ | ᠤᠯᠤᠰ ᠤᠨ ᠷᠠᠳᠢᠤ᠋ ᠨᠡᠪᠳᠡᠷᠡᠭᠦᠯᠭᠡ ᠬᠤᠷᠢᠶᠠᠨ ᠤ ᠦᠢᠯᠡᠳᠪᠦᠷᠢᠯᠡᠯ ᠤᠨ ᠪᠦᠳᠦᠴᠡ ᠶᠢᠨ ᠲᠤᠬᠢᠷᠠᠭᠤᠯᠤᠳᠠ᠂ | ᠬᠦᠳᠡᠯᠮᠦᠷᠢ ᠶᠢᠨ ᠪᠠᠳᠤᠯᠠᠭ᠎ᠠ᠂ ᠤᠷᠴᠢᠯᠳᠦ ᠠᠵᠤ ᠠᠬᠤᠢ ᠶᠢᠨ ᠵᠡᠷᠭᠡ ᠲᠡᠯ᠎ᠡ ᠶᠢᠨ ᠠᠰᠠᠭᠤᠯᠳᠠ ᠳᠤ ᠬᠠᠷᠢᠭᠤᠯᠳᠠ | ᠦᠭᠴᠡᠢ᠃ ᠲᠦᠪ ᠤᠨ ᠰᠤᠨᠢᠨ ᠮᠡᠳᠡᠭᠡᠨ ᠤ ᠰᠤᠷᠪᠤᠯᠵᠢᠯᠠᠭ᠎ᠠ ᠶᠢᠨ ᠪᠦᠯᠭᠦᠮ ᠦᠪᠦᠷ ᠮᠤᠩᠭᠤᠯ ᠤᠨ ᠬᠠᠢ ᠵᠢᠢ | ᠾᠧᠯᠤᠷᠳᠦ ᠱᠦᠯᠳᠦ ᠬᠢᠮᠢ ᠶᠢᠨ ᠦᠢᠯᠡᠳᠪᠦᠷᠢ ᠶᠢᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ᠂ ᠬᠠᠶᠢᠷᠤᠪ ᠤᠨ | ᠲᠤᠬᠤᠢ ᠲᠤᠭᠤᠷᠢᠭ ᠤᠨ ᠦᠨᠳᠦᠷ ᠠᠰᠢᠭᠳᠤ ᠲᠠᠷᠢᠶᠠᠯᠠᠩ ᠤᠨ ᠵᠢᠱᠢᠶ᠎ᠡ ᠦᠵᠡᠭᠦᠯᠭᠦ ᠤᠷᠤᠨ ᠵᠡᠷᠭᠡ ᠭᠠᠵᠠᠷ ᠤᠳ | ᠲᠤ ᠬᠦᠷᠴᠦ ᠪᠤᠳᠠᠳᠤ ᠰᠤᠷᠪᠤᠯᠵᠢᠯᠠᠭ᠎ᠠ ᠬᠢᠵᠡᠢ᠃ | 8 ᠰᠠᠷ᠎ᠠ ᠶᠢᠨ 10 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ | ᠵᠢᠷᠠᠨ ᠵᠢᠯ ᠤᠨ ᠤᠢ ᠢ ᠪᠡᠯᠭᠡᠯᠡᠬᠦ ᠲᠠᠰᠢᠷᠠᠮ ᠳᠤ᠂ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ᠂ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ | ᠶᠢᠨ ᠭᠡᠰᠢᠭᠦᠨ᠂ ᠲᠦᠪ ᠤᠨ ᠱᠦᠵᠢ ᠶᠢᠨ ᠭᠠᠵᠠᠷ ᠤᠨ ᠱᠦᠵᠢ᠂ ᠤᠯᠤᠰ ᠤᠨ ᠲᠡᠳ᠋ ᠲᠡᠷᠢᠭᠦᠯᠡᠭᠴᠢ ᠽᠧᠩ ᠴᠢᠩ | ᠬᠤᠩ ᠲᠦᠪ ᠤᠨ ᠲᠦᠯᠦᠭᠡᠯᠡᠭᠴᠢᠳ ᠤᠨ ᠪᠦᠯᠭᠦᠮ ᠤᠨ ᠨᠢᠭᠡᠳᠦᠭᠡᠷ ᠬᠤᠪᠢᠶᠠᠷᠢ ᠪᠦᠯᠭᠦᠮ ᠢ ᠲᠠᠭᠠᠭᠤᠯᠤᠨ ᠲᠤᠰᠬᠠᠢ | ᠨᠢᠰᠭᠡᠯ ᠢᠶᠠᠷ ᠦᠬᠠᠢ ᠬᠤᠳᠠ ᠳᠤ ᠲᠤᠬᠤᠨᠢᠭᠤᠯᠬᠤ ᠪᠠᠷ ᠢᠷᠡᠵᠦ᠂ ᠬᠠᠶᠢᠷᠤᠪ ᠤᠨ ᠲᠤᠬᠤᠢ ᠲᠤᠭᠤᠷᠢᠭ ᠤᠨ ᠦᠨᠳᠦᠷ | ᠠᠰᠢᠭᠳᠤ ᠲᠠᠷᠢᠶᠠᠯᠠᠩ ᠤᠨ ᠵᠢᠱᠢᠶ᠎ᠡ ᠦᠵᠡᠭᠦᠯᠭᠦ ᠤᠷᠤᠨ᠂ ᠬᠠᠶᠢᠷᠤᠪ ᠤᠨ ᠲᠤᠬᠤᠢ ᠲᠤᠭᠤᠷᠢᠭ ᠤᠨ ᠪᠤᠵᠠᠷ ᠤᠰᠤ | ᠭᠠᠳᠠᠭᠰᠢᠯᠠᠭᠤᠯᠬᠤ ᠤᠶᠢᠯᠡᠳᠪᠤᠷᠢ᠂ ᠦᠬᠠᠢ ᠬᠤᠳᠠ ᠶᠢᠨ ᠴᠢᠳᠠᠪᠤᠷᠢᠳᠠᠨ ᠤ ᠰᠤᠯᠢᠯᠴᠠᠭᠠᠨ ᠤ ᠲᠦᠪ ᠪᠠ ᠠᠵᠢᠯ | ᠲᠠᠨᠢᠯᠴᠠᠭᠤᠯᠬᠤ ᠦᠢᠯᠡᠴᠢᠯᠡᠭᠡᠨ ᠤ ᠲᠦᠪ ᠢ ᠪᠠᠶᠢᠴᠠᠭᠠᠵᠤ᠂ ᠤᠳᠠ ᠲᠤᠭᠤᠷᠢᠭ ᠤᠨ ᠨᠣᠣᠷᠬᠠᠢ ᠣᠷᠣᠨ ᠰᠠᠭᠤᠴᠠᠳᠤ | ᠲᠣᠭᠤᠷᠢᠭ ᠤᠨ ᠲᠦᠷᠦᠯ ᠵᠦᠢᠯ ᠤᠨ ᠪᠤᠳᠠᠳᠠᠢ ᠭᠠᠵᠠᠷ ᠲᠤ ᠬᠦᠷᠴᠦ᠂ ᠨᠡᠭᠦᠯᠭᠡᠬᠦ ᠭᠡᠷᠡᠭᠳᠡᠢ ᠠᠭᠤᠷᠬᠠᠢ ᠶᠢᠨ | ᠠᠵᠢᠯᠴᠢᠨ ᠤ ᠬᠡᠷ ᠲᠤ ᠤᠷᠤᠵᠤ ᠲᠤᠬᠤᠨᠢᠭᠤᠯᠵᠠᠢ᠃ | 9 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ | ᠲᠠᠭᠠᠳᠬᠠᠯ ᠤᠨ ᠲᠦᠷᠢᠮ ᠢ ᠡᠬᠢᠯᠡᠨ ᠬᠡᠷᠡᠭᠵᠢᠭᠦᠯᠵᠡᠢ᠂ ᠰᠠᠭᠤᠭᠠᠯᠢ ᠠᠷᠠᠳ ᠦᠪᠡᠷ ᠢᠶᠠᠨ ᠰᠦᠢᠳᠭᠡᠯ ᠲᠤᠰᠢᠶᠠᠬᠤ᠂ | ᠵᠠᠰᠠᠭ ᠤᠨ ᠤᠷᠳᠤᠨ ᠠᠴᠠ ᠨᠦᠬᠦᠪᠦᠷᠢᠯᠡᠬᠦ ᠪᠠ ᠨᠡᠶᠢᠭᠡᠮ ᠤᠨ ᠲᠡᠮᠵᠢᠯᠭᠡ ᠶᠢ ᠬᠠᠪᠰᠤᠷᠭᠠᠬᠤ ᠠᠷᠭ᠎ᠠ ᠶᠢ | ᠬᠡᠷᠡᠭᠵᠢᠭᠦᠯᠦᠨ᠂ ᠰᠠᠭᠤᠭᠠᠯᠢ ᠠᠷᠠᠳ᠂ ᠤᠨᠴᠠᠭᠠᠶᠢᠯᠠᠨ ᠲᠤᠤᠷ᠎ᠠ ᠤᠷᠤᠯᠭ᠎ᠠ ᠲᠠᠢ ᠬᠦᠮᠦᠰ ᠤᠨ ᠦᠨᠳᠦᠰᠦᠨ ᠡᠮᠨᠡᠯᠭᠡ | ᠶᠢᠨ ᠬᠡᠷᠡᠭᠴᠡᠭᠡ ᠶᠢ ᠬᠠᠩᠭᠠᠵᠤ᠂ ᠲᠡᠳᠡᠨᠦᠰ ᠲᠤ ᠬᠦᠨᠳᠦ ᠡᠪᠡᠳᠴᠢᠳᠠᠨ ᠤ ᠡᠮᠨᠡᠯᠭᠡ ᠳᠤ ᠰᠠᠭᠤᠨ ᠡᠮᠨᠡᠭᠦᠯᠭᠦ ᠪᠤᠯᠤᠨ | ᠡᠭᠦᠳᠡᠨ ᠡᠮᠨᠡᠯᠭᠡ ᠳᠤ ᠦᠵᠡᠬᠦᠯᠭᠦ ᠦᠨᠳᠦᠰᠦᠨ ᠡᠮᠨᠡᠯᠭᠡ ᠶᠢᠨ ᠲᠠᠭᠠᠳᠬᠠᠯ ᠤᠨ ᠬᠠᠷᠠᠭᠠᠯᠵᠠᠯ ᠦᠵᠡᠬᠦᠯᠵᠡᠢ᠃ | 9 ᠰᠠᠷ᠎ᠠ ᠶᠢᠨ 17 ᠤ ᠡᠳᠦᠷ᠂ ᠦᠬᠠᠢ ᠬᠤᠳᠠ ᠶᠢᠨ ᠦᠨᠳᠦᠰᠦᠳᠡᠨ ᠤ ᠲᠤᠮᠳᠠᠳᠤ ᠰᠤᠷᠭᠠᠭᠤᠯᠢ ᠨᠢ ᠨᠡᠷ᠎ᠡ | ᠪᠠᠨ ᠦᠬᠠᠢ ᠬᠤᠳᠠ ᠶᠢᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠬᠡᠮᠡᠨ ᠦᠭᠡᠷᠡᠴᠢᠯᠡᠵᠡᠢ᠃ | ᠰᠤᠷᠭᠠᠭᠤᠯᠢ ᠶᠢᠨ ᠡᠵᠡᠯᠡᠬᠦ ᠲᠠᠯᠠᠪᠠᠢ ᠨᠢ 43 000 ᠲᠡᠭᠰᠢ ᠲᠦᠷᠪᠡᠯᠵᠢᠨ ᠮᠧᠲᠷ᠂ 96 ᠪᠠᠭᠰᠢ ᠠᠵᠢᠯᠳᠠᠨ ᠲᠠᠢ᠂ | 28 ᠵᠢᠭᠠᠨ ᠰᠤᠷᠭᠠᠬᠤ ᠠᠩᠭᠢ ᠲᠠᠢ᠃ ᠮᠤᠩᠭᠤᠯ ᠠᠩᠭᠢ ᠶᠢᠨ ᠶᠡᠭᠡ ᠰᠤᠷᠭᠠᠭᠤᠯᠢ ᠳᠤ ᠲᠠᠪᠰᠢᠭᠰᠠᠨ ᠨᠤᠷᠮ᠎ᠠ | 2000 ᠤᠨ ᠤ 56% ᠠᠴᠠ 2007 ᠤᠨ ᠳᠤ 100% ᠪᠤᠯᠵᠤ ᠲᠡᠭᠡᠭᠰᠢᠯᠡᠵᠡᠢ᠃ | 9 ᠰᠠᠷ᠎ᠠ ᠶᠢᠨ 19 ᠤ ᠡᠳᠦᠷ᠂ ᠦᠬᠠᠢ ᠬᠤᠳᠠ ᠶᠢᠨ ᠡᠯ᠎ᠡ ᠠᠵᠢᠯ ᠤᠨ ᠰᠠᠯᠠᠭ᠎ᠠ ᠮᠦᠴᠢᠷ ᠠᠴᠠ ᠰᠤᠩᠭᠤᠨ | ᠲᠤᠭᠳᠠᠭᠠᠭᠰᠠᠨ 10 ᠨᠡᠷᠡᠰ ᠭᠠᠯ ᠪᠠᠮᠪᠠᠷᠴᠢᠳ ᠪᠡᠭᠡᠵᠢᠩ ᠤᠨ ᠤᠯᠢᠮᠫᠢᠺ ᠶᠢᠨ ᠤᠷᠤᠯᠳᠤᠭᠠᠨ ᠤ ᠭᠠᠯ ᠪᠠᠮᠪᠠᠷ | ᠲᠠᠮᠵᠢᠭᠤᠯᠬᠤ ᠠᠵᠢᠯᠯᠠᠭᠠᠨ ᠳᠤ ᠤᠷᠤᠯᠴᠠᠵᠠᠢ᠃ | 9 ᠰᠠᠷ᠎ᠠ ᠶᠢᠨ 20 ~ 23 ᠤ ᠡᠳᠦᠷ᠂ ᠲᠤᠮᠳᠠᠳᠤ ᠤᠯᠤᠰ᠂ ᠦᠬᠠᠢ ᠶᠢᠨ ᠡᠯᠡᠰᠦᠨ ᠴᠦᠯ ᠳᠠᠬᠢ ᠬᠡᠭᠡᠷᠯᠡᠬᠦ | ᠤᠷᠤᠯᠳᠤᠭᠠᠨ ᠵᠢᠴᠢ 2007 ᠤᠨ ᠤ ᠪᠦᠬᠦ ᠣᠯᠣᠰ ᠤᠨ ᠮᠠᠰᠢᠨ ᠲᠡᠷᠭᠡᠨ ᠤ ᠳᠠᠯᠠᠪᠤᠷ ᠭᠠᠵᠠᠷ ᠲᠠᠬᠢ ᠬᠡᠭᠡᠷᠯᠡᠬᠦ | ᠤᠷᠤᠯᠳᠤᠭᠠᠨ ᠤ ︽ᠨᠦᠭᠦᠷᠯᠡᠯ ᠨᠠᠷᠢᠯᠢᠭ ᠨᠡᠭᠦᠷᠡᠰᠦᠨ ᠬᠤᠨᠳᠠᠭᠠᠳᠤ︾ ᠦᠬᠠᠢ ᠶᠢᠨ ᠬᠤᠪᠢᠶᠠᠷᠢ ᠤᠷᠤᠯᠳᠤᠭᠠᠨ ᠤ ᠱᠠ | ᠸᠠᠨ ᠤ ᠵᠢᠭᠤᠯᠴᠢᠯᠠᠯ ᠤᠨ ᠤᠷᠤᠨ ᠳᠤ ᠶᠠᠪᠤᠭᠳᠠᠪᠠ᠃ | 10 ᠰᠠᠷ᠎ᠠ ᠶᠢᠨ 18 ᠤ ᠡᠳᠦᠷ᠂ ᠦᠬᠠᠢ ᠬᠤᠳᠠ ᠶᠢᠨ ᠬᠠᠮᠤᠭ ᠲᠤᠮᠤ ᠴᠤᠯᠤ ᠡᠭᠦᠯᠳᠡᠷ ᠤᠨ ᠲᠦᠪᠡᠳ | ᠨᠤᠬᠠᠢ ᠶᠢᠨ ᠦᠷᠡᠵᠢᠯ ᠤᠨ ᠰᠠᠭᠤᠷᠢᠨ ᠭᠠᠵᠠᠷ — ᠴᠢᠩ ᠶᠠᠩ ᠲᠦᠪᠡᠳ ᠨᠤᠬᠠᠢ ᠶᠢᠨ ᠬᠦᠷᠢᠶᠡᠯᠡᠩ ᠫᠠᠶᠢᠰᠠ ᠡᠯᠬᠦᠨ | ᠪᠠᠶᠢᠭᠤᠯᠤᠭᠳᠠᠪᠠ᠃ ᠴᠢᠩ ᠶᠠᠩ ᠲᠦᠪᠡᠳ ᠨᠤᠬᠠᠢ ᠶᠢᠨ ᠬᠦᠷᠢᠶᠡᠯᠡᠩ ᠳᠤ 1 000 ᠲᠦᠮᠡᠨ ᠲᠦᠭᠦᠷᠢᠭ ᠪᠡᠯᠡ | ᠤᠷᠤᠭᠤᠯᠵᠦ᠂ 30 ᠮᠤ᠋ ᠭᠠᠵᠠᠷ ᠡᠵᠡᠯᠡᠵᠦ᠂ 50 ᠨᠤᠬᠠᠢ ᠲᠠᠢ᠃ ᠡᠬᠦᠨ ᠳᠤ 21 ︵A ᠲᠡᠰ ᠤᠨ 2 ᠨᠣᠬᠠᠢ᠂ B | ᠲᠡᠰ ᠤᠨ 19 ᠨᠤᠬᠠᠢ︶ ᠨᠤᠬᠠᠢ ᠨᠢ ᠲᠡᠷᠢᠶᠡᠯᠡᠩ ᠤᠨ ᠶᠠᠮᠤᠨ ᠤ ᠮᠠᠯᠵᠢᠬᠤ ᠦᠢᠯᠡᠰ ᠤᠨ ᠨᠡᠶᠢᠭᠡᠮᠯᠢᠭ ᠤᠨ ᠨᠤᠬᠠᠢ | ᠶᠢᠨ ᠦᠢᠯᠡᠰ ᠤᠨ ᠬᠤᠪᠢᠶᠠᠷᠢ ᠨᠡᠶᠢᠭᠡᠮᠯᠢᠭ ᠠᠴᠠ ᠴᠤᠯᠤ ᠡᠭᠦᠯᠳᠡᠷ ᠤᠨ ᠲᠦᠪᠡᠳ ᠨᠤᠬᠠᠢ ᠬᠡᠵᠦ ᠲᠣᠭᠲᠠᠭᠠᠭᠳᠠᠵᠠᠢ᠃ | △ ᠲᠤᠮᠳᠠᠳᠤ ᠤᠯᠤᠰ ᠤᠨ ᠲᠡᠮᠦᠷ ᠵᠠᠮ ᠤᠨ ᠲᠦᠷᠬᠡᠨ ᠲᠡᠭᠡᠭᠡᠪᠦᠷᠢᠯᠡᠬᠦ ᠬᠤᠪᠢ ᠤᠷᠤᠭᠤᠯᠤᠭᠰᠠᠨ | ᠬᠢᠵᠠᠭᠠᠷᠳᠤ ᠺᠤᠮᠫᠠᠨᠢ ᠶᠢᠨ ᠦᠬᠠᠢ ᠦᠷᠳᠡᠭᠡᠨ ᠤ ᠡᠵᠡᠩᠨᠡᠯᠳᠡ ᠶᠢᠨ ᠭᠠᠵᠠᠷ ᠡᠷᠦᠭᠡ ᠪᠠᠨ ᠰᠡᠭᠦᠭᠡᠵᠡᠢ᠂ ᠡᠭᠦᠪᠡᠷ | ᠦᠬᠠᠢ ᠬᠤᠳᠠ ᠳᠤ ᠲᠡᠮᠦᠷ ᠵᠠᠮ ᠤᠨ ᠲᠦᠷᠬᠡᠨ ᠲᠡᠭᠡᠭᠡᠪᠦᠷᠢᠯᠡᠬᠦ ᠦᠢᠯᠡᠴᠢᠯᠡᠭᠡ ᠠᠩᠬ᠎ᠠ ᠡᠬᠢᠯᠡᠵᠡᠢ᠃ | 11 ᠰᠠᠷ᠎ᠠ ᠶᠢᠨ 30 ᠤ ᠡᠳᠦᠷ᠂ ᠦᠬᠠᠢ ᠬᠤᠳᠠ ᠶᠢᠨ ᠰᠦᠯᠵᠢᠶᠡᠨ ᠤ ᠪᠠᠭᠠᠷ ᠤᠨ ᠠᠵᠢᠯᠯᠠᠭᠠᠨ ᠤ | ᠨᠡᠶᠢᠭᠡᠮᠯᠢᠭ ᠪᠠᠶᠢᠭᠤᠯᠤᠭᠳᠠᠪᠠ᠂ ᠡᠨᠡ ᠨᠢ ᠦᠪᠡᠷᠳᠡᠭᠡᠨ ᠵᠠᠰᠠᠬᠤ ᠤᠷᠤᠨ ᠤ ᠠᠩᠬᠠᠨ ᠤ ᠰᠦᠯᠵᠢᠶᠡᠨ ᠤ ᠪᠠᠭᠠᠷ ᠤᠨ | ᠠᠵᠢᠯᠯᠠᠭᠠᠨ ᠤ ᠨᠡᠶᠢᠭᠡᠮᠯᠢᠭ ᠪᠤᠯᠤᠨ᠎ᠠ᠃ ᠪᠦᠬᠦ ᠬᠤᠳᠠ ᠶᠢᠨ 91 ᠡᠷᠦᠭᠡ ᠲᠤᠤᠷ ᠰᠦᠯᠵᠢᠶᠡᠨ ᠤ ᠡᠵᠡᠩᠨᠡᠯᠳᠡ ᠶᠢᠨ | ᠭᠠᠵᠠᠷ ᠪᠦᠬᠦᠨ ᠢᠶᠠᠷ ᠢᠶᠠᠨ ᠨᠡᠶᠢᠭᠡᠮᠯᠢᠭ ᠲᠤ ᠤᠷᠤᠵᠠᠢ᠃ | 12 ᠰᠠᠷ᠎ᠠ ᠶᠢᠨ 20 ᠤ ᠡᠳᠦᠷ᠂ ᠦᠬᠠᠢ ᠬᠤᠳᠠ ᠶᠢᠨ 120 ᠪᠠᠴᠢᠮ ᠠᠪᠤᠷᠠᠯᠳᠠ ᠶᠢᠨ ᠵᠢᠯᠤᠭᠤᠳᠬᠤ | ᠲᠦᠪ ᠫᠠᠶᠢᠰᠠ ᠡᠯᠭᠦᠵᠡᠢ᠃ ᠵᠢᠯᠤᠭᠤᠳᠬᠤ ᠲᠦᠪ ᠨᠢ 4 ᠪᠠᠴᠢᠮ ᠠᠪᠤᠷᠠᠯᠳᠠ ᠶᠢᠨ ᠦᠷᠳᠡᠭᠡ᠂ ᠠᠷᠪᠠᠭᠠᠳ ᠪᠠᠴᠢᠮ | ᠠᠪᠤᠷᠠᠯᠳᠠ ᠶᠢᠨ ᠲᠡᠷᠭᠡ ᠲᠠᠢ᠃ | |