ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠵᠠᠬᠢᠳᠠᠯ ᠰᠤᠷᠪᠤᠯᠵᠢᠯᠠᠯ ᠤᠨ ᠬᠦᠯᠢᠶᠡᠨ ᠠᠪᠬᠤ ᠲᠢᠩᠬᠢᠮ ᠳᠤ ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠢ ᠬᠦᠯᠢᠶᠡᠨ ᠠᠪᠣᠪᠠ
ᠨᠡᠶᠢᠲᠡᠯᠡᠭᠰᠡᠨ ᠴᠠᠭ᠄
2020/12/2

     11 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ

ᠬᠤᠲᠠ ᠶᠢᠨ ᠵᠠᠬᠢᠳᠠᠯ ᠰᠤᠷᠪᠤᠯᠵᠢᠯᠠᠯ ᠤᠨ ᠬᠦᠯᠢᠶᠡᠨ ᠠᠪᠬᠤ ᠲᠢᠩᠬᠢᠮ ᠳᠤ ᠬᠦᠷᠴᠦ᠂ ᠲᠤᠬᠠᠶ ᠶᠢᠨ ᠲᠠᠯᠠᠪᠤᠷ ᠲᠤ

ᠰᠤᠷᠪᠤᠯᠵᠢᠯᠠᠷ᠎ᠠ ᠢᠷᠡᠭᠰᠡᠨ ᠣᠯᠠᠨ ᠲᠦᠮᠡᠨ ᠢ ᠭᠥᠯᠢᠶᠡᠨ ᠠᠪᠴᠠᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠳᠣ

ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ

ᠵᠠᠬᠢᠳᠠᠯ ᠰᠤᠷᠪᠤᠯᠵᠢᠯᠠᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠵᠥᠷᠢᠴᠡᠯ ᠵᠢᠭᠤᠷᠠᠯᠳᠣᠭᠠᠨ ᠢ

ᠰᠡᠳᠬᠢᠯ ᠲᠠᠯᠪᠢᠨ ᠰᠢᠢᠳᠪᠦᠷᠢᠯᠡᠵᠦ᠂ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ

ᠰᠢᠢᠳᠪᠦᠷᠢᠯᠡᠵᠦ᠂ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠬᠥᠭᠵᠢᠯᠲᠡ ᠶᠢᠨ ᠣᠷᠴᠢᠨ ᠲᠣᠭᠤᠷᠢᠨ ᠢ

ᠦᠷᠭᠦᠯᠵᠢᠯᠡᠨ ᠪᠠᠬᠢᠵᠢᠭᠦᠯᠵᠦ᠂ ᠤᠯᠠᠨ ᠲᠦᠮᠡᠨ ᠢ ᠦᠨᠡᠨ ᠪᠣᠳᠠᠲᠠᠶ ᠬᠦᠷᠲᠡᠮᠵᠢ ᠶᠢᠨ ᠲᠦᠷᠦᠭᠳᠡᠯ ᠲᠠᠢ ᠪᠤᠯᠭᠠᠬᠤ

ᠬᠡᠷᠡᠭᠳᠡᠢ ᠬᠡᠵᠡᠢ᠃

     ᠲᠤᠰ ᠡᠳᠦᠷ ᠤᠨ ᠦᠳᠡ ᠶᠢᠨ ᠬᠤᠶᠢᠨ᠎ᠠ᠂ ᠱᠢ ᠸᠠᠨ ᠵᠢᠶᠦ᠋ᠨ 3 ᠨᠡᠷᠡᠰ ᠰᠣᠷᠪᠣᠯᠵᠢᠯᠠᠷ᠎ᠠ ᠢᠷᠡᠭᠰᠡᠨ ᠤᠯᠠᠨ

ᠲᠦᠮᠡᠨ ᠢ ᠬᠦᠯᠢᠶᠡᠨ ᠠᠪᠤᠪᠠ᠃ ᠰᠣᠷᠪᠣᠯᠵᠢᠯᠠᠯ ᠢ ᠬᠦᠯᠢᠶᠡᠨ ᠠᠪᠬᠤ ᠶᠠᠪᠤᠴᠠ ᠳᠤ᠂ ᠲᠡᠷᠡ ᠰᠣᠷᠪᠣᠯᠵᠢᠯᠠᠷ᠎ᠠ

ᠢᠷᠡᠭᠰᠡᠨ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ

ᠨᠠᠷᠢᠨ ᠬᠢᠨᠠᠮᠠᠭᠠᠶ ᠰᠣᠨᠣᠰᠴᠤ᠂ ᠵᠠᠬᠢᠳᠠᠯ ᠰᠣᠷᠪᠣᠯᠵᠢᠯᠠᠯ ᠤᠨ ᠬᠡᠷᠡᠭ ᠤᠨ ᠤᠴᠢᠷ ᠰᠢᠯᠲᠠᠭᠠᠨ ᠢ ᠨᠠᠷᠢᠨ ᠣᠶᠢᠯᠠᠭᠠᠵᠤ᠂

ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠭᠰᠡᠨ ᠦᠷ᠎ᠡ ᠳ᠋ᠦᠩ ᠪᠣᠯᠤᠨ ᠣᠯᠠᠨ ᠲᠦᠮᠡᠨ ᠤ ᠰᠡᠳᠬᠢᠯ ᠬᠠᠨᠤᠮᠵᠢᠲᠠᠶ

ᠪᠠᠶᠢᠬᠤ ᠬᠡᠮᠵᠢᠶ᠎ᠡ ᠶᠢ ᠯᠠᠪᠯᠠᠨ ᠠᠰᠠᠭᠤᠵᠤ᠂ ᠬᠤᠯᠪᠤᠭᠳᠠᠯ ᠪᠦᠬᠦᠢ ᠭᠠᠵᠠᠷ ᠣᠷᠣᠨ ᠵᠢᠴᠢ ᠰᠠᠯᠠᠭ᠎ᠠ ᠮᠥᠴᠢᠷ ᠤᠨ

ᠬᠠᠷᠢᠭᠤᠴᠠᠯᠭᠠᠳᠠᠨ ᠲᠠᠢ ᠬᠠᠮᠲᠤ ᠰᠢᠢᠳᠪᠦᠷᠢᠯᠡᠬᠦ ᠠᠷᠭ᠎ᠠ ᠶᠢ ᠰᠣᠳᠣᠯᠵᠣ᠂ ᠬᠤᠯᠪᠤᠭᠳᠠᠯ ᠪᠦᠬᠦᠢ ᠠᠵᠢᠯ ᠢ

ᠰᠢᠮᠳᠠᠭᠤᠯᠤᠨ ᠨᠠᠶᠢᠳᠠᠪᠤᠷᠢᠵᠢᠭᠤᠯᠪᠠ᠃

     ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠲᠥᠪ ᠤᠨ ᠨᠠᠢᠮᠠᠳᠣᠭᠠᠷ ᠲᠣᠭᠤᠷᠢᠨ ᠪᠠᠶᠢᠴᠠᠭᠠᠬᠤ

ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠣᠷᠪᠣᠯᠵᠢᠯᠠᠯ ᠤᠨ ᠵᠦᠢᠯᠡᠰ ᠢ ᠰᠠᠶᠢᠲᠤᠷ ᠰᠢᠢᠳᠪᠦᠷᠢᠯᠡᠬᠦ

ᠪᠣᠯ ᠣᠳᠣᠬᠠᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠂ ᠪᠢᠳᠡ ᠤᠯᠤᠰ ᠲᠥᠷᠥ ᠶᠢᠨ

ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ

ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂

ᠲᠥᠪ ᠤᠨ ᠨᠠᠢᠮᠠᠳᠣᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ

ᠰᠣᠷᠪᠣᠯᠵᠢᠯᠠᠯ ᠤᠨ ᠵᠦᠢᠯᠡᠰ ᠢ ᠰᠢᠢᠳᠪᠦᠷᠢᠯᠡᠬᠦ ᠪᠠᠷ ᠲᠣᠬᠢᠶᠠᠯ ᠪᠤᠯᠭᠠᠵᠤ᠂ ᠠᠷᠠᠳ ᠤᠨ ᠳᠠᠭᠤᠨ ᠢ ᠦᠨᠡᠨ

ᠰᠡᠳᠬᠢᠯ ᠠᠴᠠ ᠪᠠᠨ ᠰᠣᠨᠣᠰᠴᠤ᠂ ᠥᠨᠳᠥᠷ ᠪᠦᠲᠦᠮᠵᠢᠲᠡᠢ ᠪᠠᠷ ᠪᠣᠳᠠᠲᠠᠢ ᠶᠢ ᠡᠷᠬᠢᠮᠯᠡᠨ ᠠᠷᠠᠳ ᠤᠨ ᠵᠣᠪᠠᠨᠢᠯ ᠢ

ᠰᠢᠢᠳᠪᠦᠷᠢᠯᠡᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠳᠡ ᠳᠤ ᠡᠶ᠎ᠡ

ᠵᠣᠬᠢᠴᠠᠩᠭᠤᠢ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠦᠭᠬᠦ ᠬᠡᠷᠡᠭᠳᠡᠢ ᠬᠡᠵᠡᠢ᠃

     ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠵᠠᠬᠢᠳᠠᠯ ᠰᠣᠷᠪᠣᠯᠵᠢᠯᠠᠯ ᠤᠨ ᠠᠵᠢᠯ ᠪᠣᠯ ᠬᠠᠮᠤᠭ ᠤᠨ ᠰᠢᠭᠤᠳ

᠂ ᠬᠠᠮᠤᠭ ᠤᠨ ᠪᠣᠳᠠᠲᠠᠶ ᠣᠯᠠᠨ ᠲᠦᠮᠡᠨ ᠤ ᠠᠵᠢᠯ ᠮᠥᠨ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ

ᠬᠤᠪᠢᠷᠠᠭᠤᠯᠵᠤ᠂ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠦᠭᠡᠢ︾ ᠣᠪᠣᠷ ᠢᠶᠠᠷ᠂ ᠣᠯᠠᠨ

ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠳᠤᠯᠤᠨ ᠰᠢᠢᠳᠪᠦᠷᠢᠯᠡᠵᠦ᠂ ᠣᠯᠠᠨ

ᠲᠦᠮᠡᠨ ᠤ ᠬᠠᠷᠠᠭᠠᠰᠤ ᠪᠠ ᠵᠣᠭᠰᠣᠯᠲᠠ ᠳᠤ ᠵᠣᠭᠰᠣᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ

ᠶᠠᠪᠤᠳᠠᠯ ᠢ ᠪᠣᠳᠠᠲᠠᠶ ᠬᠢᠬᠦ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ ᠪᠠᠷ ᠵᠠᠬᠢᠳᠠᠯ ᠰᠣᠷᠪᠣᠯᠵᠢᠯᠠᠯ ᠠᠵᠢᠯ ᠢ

ᠰᠠᠶᠢᠲᠤᠷ ᠬᠢᠵᠦ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ︾ ᠪᠠ ︽ᠬᠡᠨ

ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠤᠯᠠᠨ ᠲᠦᠮᠡᠨ ᠢ ᠬᠥᠲᠥᠯᠥᠨ

ᠵᠢᠯᠣᠭᠤᠳᠴᠤ ᠪᠠᠶᠢᠭᠠᠳ ᠬᠡᠪ ᠤᠨ ᠠᠷᠭ᠎ᠠ ᠵᠠᠮ ᠢᠶᠠᠷ ᠳᠠᠮᠵᠢᠭᠤᠯᠤᠨ ᠬᠦᠰᠡᠯ ᠱᠠᠭᠠᠷᠳᠠᠯᠭ᠎ᠠ ᠪᠠᠨ ᠵᠦᠶ ᠵᠣᠬᠢᠰᠲᠠᠶ

ᠡᠮᠬᠢ ᠵᠢᠷᠤᠮ ᠲᠠᠢ ᠪᠠᠷ ᠢᠯᠡᠳᠬᠡᠵᠦ᠂ ᠨᠡᠩ ᠤᠯᠠᠨ ᠠᠷᠭ᠎ᠠ᠂ ᠨᠡᠩ ᠪᠣᠳᠠᠲᠠᠶ ᠠᠷᠭ᠎ᠠ ᠬᠡᠮᠵᠢᠶ᠎ᠡ ᠪᠠᠷ ᠤᠯᠠᠨ

ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠶ ᠠᠰᠠᠭᠤᠳᠠᠯ ᠢ ᠨᠢ ᠰᠠᠶᠢᠲᠤᠷ

ᠰᠢᠢᠳᠪᠦᠷᠢᠯᠡᠬᠦ ᠬᠡᠷᠡᠭᠲᠡᠶ᠃ ᠵᠠᠬᠢᠳᠠᠯ ᠰᠣᠷᠪᠣᠯᠵᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ

ᠠᠳᠬᠤᠵᠤ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂

ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠪᠠᠨ

ᠴᠢᠩᠭᠠᠳᠬᠠᠵᠤ᠂ ᠵᠠᠬᠢᠳᠠᠯ ᠰᠣᠷᠪᠣᠯᠵᠢᠯᠠᠯ ᠤᠨ ᠵᠦᠢᠯᠡᠰ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠶᠢ

ᠠᠬᠢᠭᠤᠯᠵᠤ᠂ ᠦᠨᠡᠨ ᠪᠣᠳᠠᠲᠠᠢ ᠠᠵᠢᠯᠯᠠᠭ᠎ᠠ ᠪᠠ ᠦᠷ᠎ᠡ ᠪᠦᠲᠦᠮᠵᠢ ᠪᠠᠷ ᠠᠷᠠᠳ ᠲᠦᠮᠡᠨ ᠢᠶᠠᠷ ᠭᠤᠣᠯ ᠪᠣᠯᠭᠠᠬᠤ

ᠬᠥᠭᠵᠢᠯᠲᠡ ᠶᠢᠨ ᠦᠵᠡᠯ ᠰᠠᠨᠠᠭ᠎ᠠ ᠶᠢ ᠰᠠᠶᠢᠲᠤᠷ ᠦᠢᠯᠡᠳᠦᠯᠭᠡᠵᠢᠭᠦᠯᠬᠦ ᠬᠡᠷᠡᠭᠳᠡᠢ ᠬᠡᠵᠡᠢ᠃

     ᠳᠡᠳ᠋ ᠬᠤᠲᠠ ᠶᠢᠨ ᠳᠠᠷᠤᠭ᠎ᠠ ᠮᠢᠩ ᠶᠢᠦ ᠰᠣᠷᠪᠣᠯᠵᠢᠯᠠᠯ ᠬᠦᠯᠢᠶᠡᠬᠦ ᠳᠤ ᠣᠷᠣᠯᠴᠠᠪᠠ᠃

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号