ᠪᠦᠬᠦ ᠬᠤᠲᠠ ᠶᠢᠨ ᠰᠣᠷᠳᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/28
     12 ᠰᠠᠷ᠎ᠠ ᠶᠢᠨ 25 ᠤ ᠡᠳᠦᠷ᠂ ᠪᠦᠬᠦ ᠬᠤᠳᠠ ᠶᠢᠨ ᠰᠣᠷᠳᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠬᠤᠷᠠᠯ ᠡᠷᠬᠢᠯᠡᠵᠦ ᠶᠠᠷᠢᠶ᠎ᠠ ᠲᠠᠯᠪᠢᠵᠠᠶ᠃      ᠬᠤᠷᠠᠯ ᠠᠴᠠ ᠪᠥᠬᠦ ᠬᠤᠲᠠ ᠶᠢᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ  ᠶᠢᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠡᠷᠬᠡᠪᠰᠢ ᠤᠯᠤᠰ ᠳᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠡᠷᠡᠰ ᠪᠠᠲᠤ ᠴᠢᠨᠠᠷ ᠪᠣᠯᠤᠨ ᠬᠠᠷᠢᠭᠤᠴᠠᠯᠭᠠᠲᠤ ᠰᠡᠳᠬᠢᠯᠭᠡ  ᠪᠠᠨ ᠳᠠᠰᠤᠷᠠᠯᠳᠠ ᠦᠬᠡᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠶᠢ ᠡᠳᠦᠷ ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠬᠠᠮᠲᠤᠪᠡᠷ ᠪᠠᠶᠢᠷᠢᠯᠠᠭᠤᠯᠵᠤ᠂ ᠬᠠᠮᠲᠤᠪᠡᠷ ᠲᠤᠬᠢᠷᠠᠭᠤᠯᠵᠤ᠂ ᠡᠯ᠎ᠡ ᠳᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠭᠤᠤᠯᠳᠠᠯᠭ᠎ᠠ ᠪᠠᠨ ᠳᠣᠪᠣᠶᠢᠯᠭᠠᠵᠤ᠂ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃ ᠪᠣᠳᠠᠲᠠᠢ ᠶᠢ ᠡᠷᠬᠢᠮᠯᠡᠬᠦ ᠰᠤᠷᠲᠠᠯ᠂ ᠪᠦᠷᠢᠨ ᠲᠡᠭᠦᠯᠳᠡᠷ ᠲᠣᠭᠲᠠᠴᠠ᠂ ᠵᠥᠪ ᠬᠢᠳᠡᠯ ᠢᠶᠠᠷ ᠨᠠᠮ ᠤᠨ ᠪᠠᠶᠢᠭᠤᠯᠤᠯᠲᠠ ᠶᠢᠨ ᠠᠵᠢᠯ  ᠤᠨ ᠬᠠᠷᠢᠭᠤᠴᠠᠯᠭ᠎ᠠ ᠶᠢᠨ ᠲᠦᠷᠢᠮ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ  ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠬᠢᠭᠡᠳ ᠲᠤᠬᠠᠶᠢᠯᠠᠭᠰᠠᠨ ᠠᠵᠢᠯ ᠢᠶᠠᠨ ᠠᠳᠬᠤᠬᠤ ᠶᠢ ᠠᠳᠠᠯᠢ ᠴᠢᠭᠯᠡᠯ ᠢᠶᠠᠷ ᠬᠦᠴᠦᠯᠡᠨ ᠬᠠᠷᠢᠯᠴᠠᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠨᠠᠮ ᠢ ᠬᠠᠮᠢᠶᠠᠷᠬᠤ ᠨᠠᠮ ᠢ ᠵᠠᠰᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠢ ᠪᠣᠯᠭᠠᠵᠤ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号