ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 19 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/28
     12 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠲᠠᠩ ᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 19 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ  ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ︽ᠦᠬᠠᠢ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠠᠳᠠᠯᠢ ᠱᠠᠲᠤᠨ ᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾  ᠶᠢ ᠤᠯᠠᠮᠵᠢᠯᠠᠨ ᠰᠤᠷᠤᠯᠴᠠᠪᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠬᠤ᠋ ᠱᠠᠨ ᠱᠦᠨ᠂ ᠬᠤᠳᠠ ᠶᠢᠨ ᠳᠡᠳ᠋ ᠳᠠᠷᠤᠭ᠎ᠠ ᠯᠢᠶᠠᠩ ᠱᠤ᠋ ᠫᠢᠩ᠂ ᠯᠢᠦ ᠰᠦ᠋ ᠬᠤᠩ᠂ ᠯᠢ ᠴᠦᠨ ᠰᠢᠶᠤᠤ ᠵᠢᠴᠢ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ  ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ ᠤ ᠢᠷᠡᠬᠦ ᠵᠢᠯ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ᠂ ︽ᠲᠠᠪᠤᠨ ᠦᠨᠳᠦᠰᠦᠨ︾ ᠤ ᠵᠢᠮ᠎ᠡ ᠶᠣᠰᠣᠴᠢ ᠴᠢᠨᠠᠷ ᠤᠨ ᠲᠠᠨᠢᠯᠲᠠ ᠶᠢ ᠭᠦᠨᠵᠡᠭᠡᠶ ᠣᠶᠢᠯᠠᠭᠠᠵᠤ᠂ ᠨᠠᠶᠮᠠᠨ ᠵᠦᠶᠯ ᠤᠨ ᠭᠤᠤᠯᠳᠠᠯᠭ᠎ᠠ ᠲᠠᠢ ᠡᠭᠦᠷᠭᠡ ᠯᠦᠭᠡ ᠪᠥᠬᠦ ᠲᠠᠯ᠎ᠠ ᠪᠠᠷ ᠪᠠᠷᠢᠮᠵᠢᠶᠠᠯᠠᠨ᠂ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠵᠦ᠂ ᠬᠤᠷᠠᠯ ᠤᠨ ᠵᠣᠷᠢᠭ ᠰᠠᠨᠠᠭ᠎ᠠ ᠶᠢ ᠦᠬᠠᠶ ᠶᠢᠨ ᠠᠵᠤ ᠠᠬᠤᠶ ᠶᠢᠨ ᠠᠵᠢᠯ ᠤᠨ ᠡᠯ᠎ᠡ ᠲᠠᠯ᠎ᠠ ᠪᠥᠬᠦ ᠶᠠᠪᠤᠴᠠ ᠳᠤ ᠦᠨᠡᠨ ᠬᠦ ᠲᠤᠤᠱᠯᠠᠭᠤᠯᠬᠤ ᠬᠡᠷᠡᠭᠲᠡᠶ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠦᠬᠠᠢ ᠶᠢᠨ ᠢᠷᠡᠬᠦ ᠵᠢᠯ ᠤᠨ ᠬᠥᠭᠵᠢᠯᠲᠡ ᠶᠢ ᠪᠦᠬᠦ ᠤᠯᠤᠰ᠂ ᠪᠦᠬᠦ ᠣᠷᠣᠨ ᠤ ᠬᠥᠭᠵᠢᠯᠲᠡ ᠶᠢᠨ ᠶᠡᠭᠡ ᠪᠠᠶᠢᠷᠢᠰᠢᠯ ᠳᠤ ᠲᠠᠯᠪᠢᠨ ᠲᠥᠯᠥᠪᠵᠢᠭᠦᠯᠦᠨ ᠠᠬᠢᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠲᠦᠭᠡᠯᠴᠢ ᠴᠢᠨᠠᠷᠲᠠᠢ ᠪᠠᠷ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤ ᠦᠶ᠎ᠡ ᠪᠠ ᠮᠠᠨ ᠤ ᠬᠤᠲᠠ ᠶᠢᠨ ᠬᠥᠭᠵᠢᠯᠲᠡ  ᠶᠢᠨ ᠨᠥᠬᠦᠴᠡᠯ ᠢ ᠣᠨᠣᠪᠴᠢᠲᠠᠢ ᠡᠵᠡᠮᠳᠡᠵᠦ᠂ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠨᠠᠩ︾ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯ ᠬᠠᠷᠠᠯᠲᠠ ᠡᠭᠦᠷᠭᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ᠦᠬᠠᠢ ᠶᠢᠨ ᠠᠮᠢ ᠠᠬᠤᠢ ᠶᠢᠨ ᠬᠤᠲᠠ᠂ ᠰᠢᠨ᠎ᠡ ᠶᠢ ᠡᠭᠦᠳᠬᠦ ᠬᠤᠲᠠ᠂ ᠣᠶᠤᠨᠴᠢ ᠬᠤᠲᠠ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ ᠣᠷᠳᠣᠨ ᠤ ᠨᠢᠭᠡᠨᠲᠡ ᠲᠣᠳᠣᠷᠬᠠᠶᠢᠯᠠᠭᠰᠠᠨ ᠭᠤᠤᠯᠳᠠᠯᠭ᠎ᠠ ᠲᠠᠢ ᠠᠵᠢᠯ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠪᠣᠳᠠᠲᠠᠶᠢᠵᠢᠭᠤᠯᠵᠤ᠂ ᠬᠠᠷᠠᠯᠲᠠ ᠪᠠᠨ ᠨᠠᠷᠢᠯᠢᠭᠵᠢᠭᠤᠯᠵᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠨᠢᠭᠡ ᠵᠦᠶᠯ ᠢ ᠬᠢᠪᠡᠯ ᠵᠠᠪᠠᠯ ᠪᠦᠲᠦᠭᠡᠬᠦ ᠠᠵᠢᠯ ᠤᠨ ᠦᠷ᠎ᠡ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠪᠡᠯᠡᠭ ᠬᠦᠷᠭᠡᠬᠦ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠬᠤᠷᠢᠶ᠎ᠠ  ︽ᠦᠬᠠᠢ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠠᠳᠠᠯᠢ ᠱᠠᠲᠤᠨ ᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠭᠰᠡᠨ ᠨᠢ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠤᠯᠠᠮ ᠴᠢᠨᠠᠭᠰᠢᠳᠠ ᠴᠢᠩᠭᠠᠳᠬᠠᠬᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠥᠷᠭᠡᠨ ᠣᠯᠠᠨ ᠺᠠᠳ᠋ᠷ ᠢ ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ︽ᠬᠡᠷᠡᠭᠵᠢᠭᠦᠯᠬᠦ ᠠᠷᠭ᠎ᠠ︾ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠵᠤ᠂ ᠠᠳᠠᠯᠢ ᠱᠠᠲᠤᠨ ᠤ ᠬᠢᠨᠠᠯᠲᠠ ᠲᠠᠯᠪᠢᠯᠲᠠ ᠶᠢ ᠴᠢᠬᠤᠯᠠᠴᠢᠯᠠᠬᠤ ᠥᠬᠡᠶ᠂ ᠰᠠᠨᠠᠭᠠᠴᠢᠯᠠᠭ᠎ᠠ ᠠᠴᠠ ᠪᠠᠨ ᠬᠢᠬᠦ ᠥᠬᠡᠶ᠂ ᠳᠡᠮᠵᠢᠬᠦ ᠥᠬᠡᠶ ᠵᠡᠷᠭᠡ ᠠᠰᠠᠭᠤᠳᠠᠯ ᠢ ᠡᠷᠡᠰ ᠰᠡᠷᠭᠡᠶᠢᠯᠡᠵᠦ᠂ ᠨᠠᠮ ᠤᠨ ᠭᠡᠰᠢᠭᠦᠨ ᠺᠠᠳ᠋ᠷ ᠢ ᠬᠢᠨᠠᠯᠲᠠ ᠲᠠᠯᠪᠢᠯᠲᠠ ᠪᠣᠯᠤᠨ ᠬᠢᠵᠠᠭᠠᠷᠯᠠᠯ ᠲᠠᠢ ᠣᠷᠴᠢᠨ ᠲᠣᠭᠤᠷᠢᠨ ᠳᠤ ᠠᠵᠢᠯᠯᠠᠵᠤ ᠠᠮᠢᠳᠤᠷᠠᠬᠤ ᠳᠠᠳᠬᠠᠯ ᠲᠠᠢ ᠪᠣᠯᠭᠠᠬᠤ ᠬᠡᠷᠡᠭᠲᠡᠶ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︽ᠬᠡᠷᠡᠭᠵᠢᠭᠦᠯᠬᠦ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠯᠤᠭ᠎ᠠ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ︽ᠭᠤᠷᠪᠠᠨ ᠴᠢᠬᠤᠯᠠ ᠨᠢᠭᠡ ᠶᠡᠭᠡ︾᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠱᠠᠲᠤ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠬᠦ ᠵᠡᠷᠭᠡ ᠲᠠᠢ ᠬᠤᠯᠪᠣᠭᠳᠠᠭᠰᠠᠨ ᠬᠤᠷᠠᠯ ᠳᠤ ᠲᠣᠮᠢᠯᠠᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠢ ᠰᠠᠨᠠᠭᠠᠴᠢᠯᠠᠭ᠎ᠠ ᠠᠴᠠ ᠪᠠᠨ ᠤᠷᠢᠵᠤ ᠣᠷᠣᠯᠴᠠᠭᠤᠯᠬᠤ ᠬᠡᠷᠡᠭᠲᠡᠶ᠃ ᠡᠯ᠎ᠡ ᠲᠥᠷᠥᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠦᠨᠳᠦᠰᠦᠨ ᠬᠠᠤᠯᠢ᠂ ᠬᠠᠤᠯᠢ ᠴᠠᠭᠠᠵᠠ ᠠᠴᠠ ᠵᠠᠰᠠᠭ ᠤᠨ ᠣᠷᠳᠣᠨ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶᠴᠡᠳᠬᠡᠵᠦ᠂ ᠨᠡᠶᠢᠲᠡ ᠶᠢᠨ ᠡᠷᠬᠡ ᠶᠢ ᠪᠦᠲᠦᠮᠵᠢᠲᠡᠶ ᠬᠢᠵᠠᠭᠠᠷᠯᠠᠬᠤ ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠰᠢᠰᠲ᠋ᠧᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号