ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠢᠰᠦ ᠦᠷᠳᠡᠭᠡ ᠶᠢ ᠪᠠᠶᠢᠭᠤᠯᠤᠨ ᠳᠠᠭᠤᠰᠬᠠᠵᠤ ᠲᠤᠰᠢᠶᠠᠨ ᠥᠭᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/12/28
 

 

     12 ᠰᠠᠷ᠎ᠠ ᠶᠢᠨ 25   ᠤ ᠡᠳᠦᠷ᠂ ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠢᠰᠦ ᠦᠷᠳᠡᠭᠡ ᠶᠢ

ᠪᠠᠶᠢᠭᠤᠯᠤᠨ ᠳᠠᠭᠤᠰᠬᠠᠵᠤ ᠲᠤᠰᠢᠶᠠᠨ ᠥᠭᠬᠦ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ

ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠠᠶᠠᠨᠴᠢᠳ ᠤᠨ ᠲᠡᠭᠡᠭᠡᠪᠦᠷᠢ ᠶᠢᠨ ᠬᠦᠶᠰᠦ

ᠥᠷᠲᠡᠭᠡ ᠶᠢᠨ ᠪᠠᠶᠢᠭᠤᠯᠤᠨ ᠳᠠᠭᠤᠰᠬᠠᠵᠤ ᠲᠤᠰᠢᠶᠠᠨ ᠥᠭᠭᠦᠭᠰᠡᠨ ᠢ ᠵᠠᠷᠯᠠᠪᠠ᠃ ᠬᠤᠲᠠ ᠶᠢᠨ ᠨᠠᠮ ᠤᠨ ᠬᠤᠷᠢᠶᠠᠨ

 ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠪᠠᠶᠠᠷ ᠤᠨ ᠦᠭᠡ ᠬᠡᠯᠡᠪᠡ᠃ ᠬᠤᠲᠠ ᠶᠢᠨ ᠤᠯᠤᠰ ᠲᠥᠷᠥ

 ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠦ᠋ ᠵᠥᠩ ᠱᠧᠩ ᠶᠣᠰᠣᠯᠠᠯ ᠳᠤ ᠣᠷᠣᠯᠴᠠᠪᠠ᠃ ᠳᠡᠳ᠋ ᠬᠤᠲᠠ ᠶᠢᠨ

ᠳᠠᠷᠤᠭ᠎ᠠ ᠯᠢᠶᠠᠩ ᠱᠤ᠋ ᠫᠢᠩ ᠬᠤᠷᠠᠯ ᠢ ᠡᠷᠭᠢᠯᠡᠪᠡ᠃

     ᠲᠠᠩ ᠢ ᠪᠠᠶᠠᠷ ᠤᠨ ᠦᠭᠡ ᠳᠡᠭᠡᠨ ᠬᠡᠯᠡᠭᠰᠡᠨ ᠨᠢ᠂ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠶᠰᠦ

ᠥᠷᠲᠡᠭᠡ ᠶᠢ ᠪᠠᠶᠢᠭᠤᠯᠤᠨ ᠳᠠᠭᠤᠰᠬᠠᠵᠤ ᠲᠤᠰᠢᠶᠠᠨ ᠥᠭᠭᠦᠭᠰᠡᠨ ᠨᠢ ᠮᠠᠨ ᠤ ᠬᠤᠲᠠ ᠶᠢᠨ ᠠᠩᠬᠠᠳᠠᠭᠴᠢ

ᠶᠡᠷᠦᠩᠬᠡᠶᠢᠯᠡᠭᠰᠡᠨ ᠴᠢᠨᠠᠷᠲᠠᠶ ᠠᠶᠠᠨᠴᠢᠳ ᠤᠨ ᠲᠡᠭᠡᠭᠡᠪᠦᠷᠢ ᠶᠢᠨ ᠬᠦᠶᠰᠦ ᠪᠠᠷᠢᠯᠭ᠎ᠠ ᠲᠠᠢ ᠪᠣᠯᠤᠭᠰᠠᠨ ᠢ ᠬᠠᠷᠠᠭᠤᠯᠵᠤ

ᠪᠠᠶᠢᠨ᠎ᠠ᠂ ᠡᠨᠡ ᠨᠢ ᠵᠠᠮ ᠬᠠᠷᠢᠯᠴᠠᠭᠠᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠵᠠᠮ

ᠬᠠᠷᠢᠯᠴᠠᠭᠠᠨ ᠤ ᠬᠠᠩᠭᠠᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠮ ᠬᠠᠷᠢᠯᠴᠠᠭᠠᠨ ᠤ ᠬᠦᠴᠦᠷᠬᠡᠭ

ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠭᠢᠭᠤᠯᠵᠦ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠵᠡᠷᠭᠡ

 ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠳᠤ

ᠬᠦᠴᠦᠨ ᠨᠡᠮᠡᠷᠢᠯᠡᠵᠦ᠂ ᠬᠤᠲᠠ ᠶᠢᠨ ᠭᠠᠳᠠᠭᠰᠢᠯ ᠤᠨ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ

ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠠᠭᠤᠰᠤᠯᠴᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

ᠬᠠᠶᠢᠷᠤᠪ ᠤᠨ ᠲᠤᠬᠤᠢ ᠲᠣᠭᠤᠷᠢᠭ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠨ ᠬᠢᠨ

ᠡᠷᠴᠢ ᠵᠣᠷᠢᠭ ᠢᠶᠠᠨ ᠤᠯᠠᠮ ᠬᠥᠪᠴᠢᠯᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠤᠳᠠ ᠶᠢᠨ ᠠᠶᠠᠨᠴᠢᠳ

 ᠤᠨ ᠲᠡᠭᠡᠭᠡᠪᠦᠷᠢ ᠶᠢᠨ ᠬᠦᠢᠰᠦ ᠦᠷᠳᠡᠭᠡ ᠶᠢᠨ ᠬᠤᠶᠢᠰᠢᠳᠠ ᠶᠢᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠰᠠᠶᠢᠲᠤᠷ

ᠬᠢᠵᠦ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠦᠷ᠎ᠡ ᠠᠰᠢᠭ ᠢ ᠨᠢ

ᠲᠦᠷᠭᠡᠬᠡᠨ ᠪᠠᠳᠠᠷᠠᠭᠤᠯᠵᠤ᠂ ᠦᠬᠠᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠢᠯᠠᠰ ᠴᠡᠭ᠂ ᠰᠢᠨ᠎ᠡ

ᠣᠷᠣᠨ ᠪᠠᠶᠢᠷᠢ ᠶᠢ ᠬᠦᠴᠦᠯᠡᠨ ᠴᠣᠭᠴᠠᠯᠠᠬᠤ ᠬᠡᠷᠡᠭᠲᠡᠢ ᠬᠡᠵᠡᠢ᠃

     ᠲᠠᠩ ᠢ ᠴᠢᠬᠤᠯᠠᠴᠢᠯᠠᠭᠰᠠᠨ ᠨᠢ᠂ ᠣᠳᠣᠬᠠᠨ ᠳᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ

 ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ

ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠪᠣᠯᠤᠨ

2035 ᠣᠨ ᠤ ᠬᠥᠭᠵᠢᠯᠲᠡ ᠶᠢᠨ ᠵᠢᠷᠤᠭ ᠲᠥᠰᠦᠪ ᠢ ᠨᠠᠷᠢᠨ ᠨᠢᠮᠪᠠᠶ ᠲᠥᠯᠥᠪᠵᠢᠭᠦᠯᠵᠦ᠂ ᠠᠮᠢ ᠠᠬᠤᠶ ᠶᠢᠨ

ᠬᠤᠲᠠ᠂ ᠰᠢᠨ᠎ᠡ ᠶᠢ ᠡᠭᠦᠳᠬᠦ ᠬᠤᠲᠠ᠂ ᠤᠶᠤᠨᠲᠤ ᠬᠤᠲᠠ ᠶᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂

ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ

ᠠᠬᠢᠭᠤᠯᠵᠤ᠂ ᠬᠤᠲᠠ ᠶᠢᠨ ᠦᠶᠯᠡᠴᠢᠯᠡᠭᠡᠨ ᠤ ᠴᠢᠳᠠᠮᠵᠢ ᠪᠠᠨ ᠲᠦᠷᠭᠡᠳᠬᠡᠨ ᠲᠡᠭᠦᠯᠳᠡᠷᠵᠢᠭᠦᠯᠵᠦ᠂ ᠰᠢᠨ᠎ᠡ

ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ

ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠣᠷᠣᠨ ᠪᠦᠰᠡ ᠶᠢᠨ

ᠳᠠᠶᠢᠴᠢᠯᠠᠬᠤ ᠬᠦᠴᠦᠨ ᠪᠣᠯᠤᠨ ᠭᠤᠤᠯᠯᠠᠬᠤ ᠥᠷᠢᠰᠥᠯᠳᠦᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠮᠠᠨ ᠤ

ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠬᠡᠵᠡᠢ᠃

     ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠶᠰᠦ ᠥᠷᠲᠡᠭᠡ ᠬᠠᠶᠢᠷᠤᠪ ᠤᠨ ᠲᠣᠬᠤᠶ ᠶᠢᠨ ᠨᠢᠰᠬᠡᠯ

 ᠤᠨ ᠪᠠᠭᠤᠳᠠᠯ ᠤᠨ ᠵᠠᠮ ᠠᠴᠠ ᠪᠠᠷᠠᠭᠤᠨᠰᠢ᠂ ᠯᠢᠨ ᠶᠢᠨ ᠶᠡᠭᠡ ᠵᠠᠮ ᠠᠴᠠ ᠬᠤᠶᠢᠰᠢ᠂ ᠲᠡᠷᠭᠡᠨ ᠥᠷᠲᠡᠭᠡᠨ ᠤ ᠵᠠᠮ

 ᠠᠴᠠ ᠵᠡᠭᠦᠨᠰᠢ ᠪᠠᠶᠢᠷᠢᠯᠠᠵᠤ᠂ ᠶᠡᠷᠦᠩᠬᠡᠶ ᠲᠠᠯᠠᠪᠠᠶ ᠨᠢ 14.3 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ

ᠲᠠᠯᠠᠪᠠᠶ ᠨᠢ 2.7 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠠᠯᠠ ᠣᠷᠣᠭᠤᠯᠤᠯᠲᠠ ᠨᠢ 2.15

ᠳ᠋ᠦᠩᠰᠢᠭᠤᠷ ᠲᠥᠭᠦᠷᠢᠭ ᠪᠣᠯᠤᠨ᠎ᠠ᠃ ᠢᠨᠵᠧᠨᠧᠷᠢᠩ ᠢ ᠬᠤᠶᠠᠷ ᠬᠤᠭᠤᠴᠠᠭ᠎ᠠ ᠬᠤᠪᠢᠶᠠᠵᠤ ᠪᠥᠲᠥᠭᠡᠨ ᠪᠠᠶᠢᠭᠤᠯᠪᠠ᠄

ᠨᠢᠭᠡᠳᠦᠭᠡᠷ ᠬᠤᠭᠤᠴᠠᠭ᠎ᠠ ᠨᠢ ᠠᠶᠠᠨᠴᠢᠳ ᠤᠨ ᠲᠡᠭᠡᠭᠡᠪᠦᠷᠢ ᠶᠢᠨ ᠬᠦᠶᠰᠦ ᠥᠷᠲᠡᠭᠡ ᠶᠢᠨ ᠭᠤᠤᠯ ᠴᠣᠭᠴᠠ ᠶᠢᠨ

ᠶᠡᠷᠦᠩᠬᠡᠶᠢᠯᠡᠭᠰᠡᠨ ᠠᠰᠠᠷ ᠪᠣᠯᠤᠨ᠎ᠠ᠂ ᠠᠶᠠᠨᠴᠢᠳ ᠤᠨ ᠲᠡᠷᠭᠡ ᠬᠦᠯᠢᠶᠡᠬᠦ᠂ ᠪᠢᠯᠧᠲ ᠬᠤᠳᠠᠯᠳᠤᠬᠤ᠂ ᠠᠶᠠᠨᠴᠢᠳ ᠤᠨ

ᠠᠮᠤᠷ ᠲᠦᠪᠰᠢᠨ ᠤ ᠪᠠᠶᠢᠴᠠᠭᠠᠯᠲᠠ᠂ ᠠᠵᠢᠯᠯᠠᠬᠤ ᠲᠣᠭᠤᠷᠢᠭ᠂ ᠬᠤᠳᠠᠯᠳᠤᠭᠠᠨ ᠤ ᠲᠣᠭᠤᠷᠢᠭ ᠵᠡᠷᠭᠡ ᠶᠢ ᠨᠢᠭᠡ

ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠦᠶᠰᠦ ᠶᠢᠨ ᠭᠤᠤᠯ ᠥᠷᠲᠡᠭᠡᠨ ᠤ ᠲᠣᠭᠤᠷᠢᠭ ᠪᠣᠯᠤᠨ᠎ᠠ᠂ 2019 ᠣᠨ

 ᠤ 10 ᠰᠠᠷ᠎ᠠ ᠶᠢᠨ 31 ᠤ ᠡᠳᠦᠷ ᠨᠢᠭᠡᠨᠲᠡ ᠤᠷᠢᠳᠴᠢᠯᠠᠨ ᠰᠢᠯᠭᠠᠨ ᠪᠠᠶᠢᠴᠠᠭᠠᠯᠲᠠ ᠬᠢᠪᠠ︔ ᠬᠤᠶᠠᠳᠤᠭᠠᠷ

ᠬᠤᠭᠤᠴᠠᠭ᠎ᠠ ᠨᠢ ᠲᠤᠰᠠᠯᠠᠬᠤ ᠭᠡᠷ ᠪᠠᠶᠢᠰᠢᠩ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠠᠷᠢᠯᠭ᠎ᠠ ᠶᠢᠨ

ᠪᠦᠲᠦᠭᠡᠨ ᠪᠠᠶᠢᠭᠤᠯᠤᠯᠲᠠ ᠪᠣᠯᠤᠨ᠎ᠠ᠃ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠶᠰᠦ ᠥᠷᠲᠡᠭᠡ ᠨᠢ

ᠤᠳᠠᠯ ᠥᠬᠡᠶ ᠪᠥᠲᠥᠭᠡᠨ ᠪᠠᠶᠢᠭᠤᠯᠬᠤ ᠭᠡᠵᠦ ᠪᠠᠶᠢᠭ᠎ᠠ ᠦᠬᠠᠶ ᠶᠢᠨ ᠲᠦᠷᠭᠡᠨ ᠲᠡᠮᠦᠷ ᠵᠠᠮ ᠤᠨ ᠥᠷᠲᠡᠭᠡ ᠲᠠᠢ

ᠨᠢᠭᠳᠠ ᠵᠣᠯᠭᠠᠭᠤᠯᠵᠤ᠂ ᠮᠠᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ︽ᠲᠡᠷᠭᠡ

ᠰᠣᠯᠢᠵᠤ ᠰᠠᠭᠤᠬᠤ︾ ᠶᠢ ᠲᠦᠷᠭᠡᠳᠬᠡᠨ ᠪᠡᠶᠡᠯᠡᠭᠦᠯᠵᠦ᠂ ᠬᠤᠲᠠ ᠶᠢᠨ ᠠᠷᠠᠳ ᠲᠤ ᠨᠠᠩ ᠳᠥᠭᠦᠮ ᠳᠥᠲᠡ ᠶᠠᠪᠤᠵᠤ

ᠰᠠᠭᠤᠬᠤ ᠣᠶᠢᠯᠠᠭᠠᠯᠳᠠ ᠪᠠ ᠨᠠᠩ ᠴᠢᠨᠠᠷ ᠰᠠᠶᠢᠲᠠᠶ ᠠᠮᠢᠳᠤᠷᠠᠯ ᠢ ᠡᠳ᠋ᠯᠡᠭᠦᠯᠬᠦ ᠪᠣᠯᠤᠨ᠎ᠠ᠃

 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号