ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ  ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠭᠦᠨᠵᠡᠭᠡᠶᠢᠷᠡᠭᠦᠯᠬᠦ︾ ᠲᠤᠰᠬᠠᠶ ᠠᠵᠢᠯᠯᠠᠭ᠎ᠠ ᠶᠢᠨ ᠳ᠋ᠦᠩᠨᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/30
     12 ᠰᠠᠷ᠎ᠠ ᠶᠢᠨ 29   ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ︾ ᠲᠤᠰᠬᠠᠶ ᠠᠵᠢᠯᠯᠠᠭ᠎ᠠ ᠶᠢᠨ ᠳ᠋ᠦᠩᠨᠡᠯᠲᠡ ᠶᠢᠨ ᠬᠤᠷᠠᠯ ᠬᠤᠷᠠᠯᠳᠤᠪᠠ᠂ ᠬᠤᠷᠠᠯ ᠠᠴᠠ ︽ᠬᠡᠷᠡᠭ ᠢᠶᠠᠷ ᠥᠭᠡᠷᠡᠴᠢᠯᠡᠯᠲᠡ  ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ ᠭᠦᠨᠵᠡᠭᠡᠶᠢᠷᠡᠭᠦᠯᠬᠦ︾ ᠲᠤᠰᠬᠠᠶ ᠠᠵᠢᠯᠯᠠᠭ᠎ᠠ ᠶᠢᠨ ᠶᠡᠷᠦᠩᠬᠡᠶ ᠥᠷᠨᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠ ᠭᠦᠨᠵᠡᠭᠡᠶᠢᠷᠡᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠠᠨ ᠭᠥᠸᠧ ᠡᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠯᠢᠦ ᠵᠢᠢ ᠭᠤᠤ᠂ ᠪᠠᠢ ᠬᠠᠢ ᠷᠦᠩ᠂ ᠡᠦ ᠰᠢᠶᠣᠤ ᠬᠤᠢ᠂ ᠽᠦᠸᠧ ᠶᠢᠩ ᠬᠤᠷᠠᠯ ᠳᠤ ᠣᠷᠣᠯᠴᠠᠵᠤ᠂ ᠳᠡᠳ᠋ ᠡᠷᠬᠢᠯᠡᠭᠴᠢ ᠸᠠᠩ ᠶᠢᠨ ᠬᠤᠷᠠᠯ ᠳᠤ ᠰᠤᠯᠠ ᠣᠷᠣᠯᠴᠠᠪᠠ᠃      ᠬᠠᠨ ᠭᠥᠸᠧ ᠦ᠋ ᠵᠢᠭᠠᠨ ᠭᠠᠷᠭᠠᠭᠰᠠᠨ ᠨᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠡᠨᠡ ᠵᠢᠯ ᠤᠨ 7 ᠰᠠᠷ᠎ᠠ ᠠᠴᠠ ᠡᠬᠢᠯᠡᠨ᠂ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠥᠷᠨᠢᠭᠦᠯᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠳᠤ ᠰᠠᠭᠤᠷᠢᠯᠠᠵᠤ᠂ ᠦᠨᠳᠦᠰᠦ ᠠᠴᠠ ᠨᠢ ᠴᠡᠭᠴᠡᠯᠡᠨ ᠵᠠᠰᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠬᠤ᠂ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠲᠠᠰᠤᠷᠠᠯᠳᠡ ᠦᠭᠡᠢ ᠴᠢᠩᠭᠠᠳᠬᠠᠵᠤ᠂ ᠪᠣᠳᠠᠲᠠᠢ ᠡᠭᠦᠷᠭᠡ ᠪᠠᠨ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃      ᠬᠠᠨ ᠭᠥᠸᠧ ᠦ᠋ ᠴᠢᠬᠤᠯᠠᠴᠢᠯᠠᠭᠰᠠᠨ ᠨᠢ᠂ ᠲᠤᠰᠬᠠᠢ ᠠᠵᠢᠯᠯᠠᠭ᠎ᠠ ᠪᠠᠷ ᠰᠢᠨ᠎ᠡ ᠡᠬᠢᠯᠯᠡᠲᠡ ᠪᠣᠯᠭᠠᠵᠤ᠂ ᠨᠢᠭᠡᠨᠲᠡ ᠣᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠪᠠᠲᠤ ᠪᠣᠶ ᠪᠣᠯᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠠᠲᠤ ᠪᠡᠶᠡᠯᠡᠭᠦᠯᠬᠦ ᠬᠡᠷᠡᠭᠲᠡᠶ᠃ ᠤᠨᠤᠯ ᠢᠶᠠᠷ ᠵᠡᠪᠰᠡᠭᠯᠡᠬᠦ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠬᠦᠲᠦᠯᠦᠨ ᠳᠠᠭᠠᠭᠤᠯᠬᠤ ᠬᠦᠴᠦᠨ ᠢᠶᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭ᠎ᠠ ᠠᠳᠬᠤᠵᠤ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠲᠦᠷᠢᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠲᠦᠷᠢᠮ ᠤᠨ ᠬᠡᠷᠡᠭᠵᠢᠭᠦᠯᠦᠯᠲᠡ ᠪᠠᠨ ᠴᠢᠩᠭᠠᠳᠬᠠᠵᠤ᠂ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号