ᠦᠬᠠᠶ ᠬᠤᠲᠠ ᠶᠢᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠠᠩᠬᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/30
     12 ᠰᠠᠷ᠎ᠠ ᠶᠢᠨ 28   ᠤ ᠡᠳᠦᠷ᠂ ᠦᠬᠠᠶ ᠬᠤᠲᠠ ᠶᠢᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ ᠠᠩᠬᠠᠳᠤᠭᠠᠷ ᠤᠳᠠᠭ᠎ᠠ ᠶᠢᠨ ᠭᠡᠰᠢᠭᠦᠳ ᠤᠨ ᠶᠡᠭᠡ ᠬᠤᠷᠠᠯ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠶ ᠷᠦᠩ᠂ ᠬᠤᠲᠠ ᠶᠢᠨ ᠳᠡᠳ᠋ ᠳᠠᠷᠤᠭ᠎ᠠ ᠰᠦᠨ ᠬᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠮᠢᠩ ᠸᠠᠩ ᠶᠡᠭᠡ ᠬᠤᠷᠠᠯ ᠳᠤ ᠣᠷᠣᠯᠴᠠᠪᠠ᠃      ᠲᠤᠰ ᠤᠳᠠᠭ᠎ᠠ ᠶᠢᠨ ᠭᠡᠰᠢᠭᠦᠳ ᠤᠨ ᠶᠡᠭᠡ ᠬᠤᠷᠠᠯ ᠨᠢ ᠪᠡᠯᠡᠳᠬᠡᠯ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠠᠴᠠ ᠰᠣᠩᠭᠤᠨ ᠭᠠᠷᠭᠠᠭᠰᠠᠨ ᠦᠬᠠᠢ ᠬᠤᠳᠠ ᠶᠢᠨ ᠤᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠤᠨ 69 ᠵᠢᠩᠬᠢᠨᠢ ᠭᠡᠰᠢᠭᠦᠨ ᠨᠢᠭᠡᠴᠢ ᠳᠤ ᠦᠨᠡᠮᠯᠡᠯ ᠣᠯᠭᠤᠭᠰᠠᠨ ᠪᠥᠭᠡᠳ 12 ᠬᠡᠷᠡᠭ ᠡᠷᠬᠢᠯᠡᠬᠦ ᠨᠢᠭᠡᠴᠢ᠂ 6 ᠪᠠᠶᠢᠩᠭᠤ ᠶᠢᠨ ᠬᠡᠷᠡᠭ ᠡᠷᠬᠢᠯᠡᠬᠦ ᠨᠢᠭᠡᠴᠢ ᠪᠣᠯᠤᠨ 10 ᠳᠡᠳ᠋ ᠡᠷᠬᠢᠯᠡᠬᠦ ᠨᠢᠭᠡᠴᠢ ᠳᠤ ᠪᠠᠶᠢᠰᠠ ᠣᠯᠭᠤᠪᠠ᠃ ᠬᠤᠷᠠᠯ ᠠᠴᠠ ᠬᠤᠳᠠᠯᠳᠤᠭᠠᠴᠢᠳ ᠤᠨ ᠡᠪᠯᠡᠯ ᠤᠨ 2021 ᠣᠨ ᠤ ᠠᠵᠢᠯ ᠤᠨ ᠲᠤᠬᠠᠢ ᠲᠤᠬᠢᠷᠠᠭᠤᠯᠤᠯᠲᠠ ᠬᠢᠭᠰᠡᠨ ᠪᠥᠭᠡᠳ ᠬᠤᠯᠪᠣᠭᠳᠠᠯ ᠪᠦᠬᠦᠢ ᠵᠦᠢᠯᠡᠰ ᠢ ᠵᠥᠪᠯᠡᠨ ᠲᠣᠭᠲᠠᠭᠠᠵᠠᠢ᠃      ᠦᠬᠠᠶ ᠬᠤᠲᠠ ᠶᠢᠨ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ ᠪᠣᠯ ᠣᠯᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠡᠷᠭᠢᠯᠡᠵᠦ ᠪᠠᠶᠢᠭ᠎ᠠ ᠠᠵᠤ ᠠᠬᠤᠶᠢᠯᠠᠯ᠂ ᠪᠦᠯᠬᠦᠮ ᠪᠠ ᠪᠤᠰᠤᠳ ᠵᠣᠬᠢᠶᠠᠨ ᠪᠠᠶᠢᠭᠤᠯᠤᠯᠲᠠ ᠪᠠᠷ ᠪᠦᠷᠢᠯᠳᠦᠭᠰᠡᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ᠎ᠠ᠂ ᠳᠤᠮᠳᠠᠳᠤ ᠭᠠᠳᠠᠭᠠᠳᠤ ᠶᠢᠨ ᠠᠵᠤ ᠠᠬᠤᠶ ᠠᠷᠠᠯᠵᠢᠶᠠᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠪᠠᠷ ᠴᠢᠷᠮᠠᠶᠢᠵᠤ᠂ ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠤᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ  ᠶᠢᠨ ᠶᠡᠭᠡ ᠲᠠᠯ᠎ᠠ ᠳᠤ ᠨᠠᠩ ᠰᠠᠶᠢᠲᠤᠷ ᠠᠭᠤᠰᠤᠯᠴᠠᠭᠤᠯᠵᠤ᠂ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号