ᠬᠤᠲᠠ ᠶᠢᠨ ᠤᠳᠤᠷᠢᠳᠤᠯᠭ᠎ᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠨᠡᠶᠢᠭᠡᠮ ᠲᠣᠭᠤᠷᠢᠭ ᠤᠨ ᠲᠧᠯᠸᠢᠰ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/12/30
     12 ᠰᠠᠷ᠎ᠠ ᠶᠢᠨ 28   ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠬᠠᠶᠢᠷᠤᠪ ᠤᠨ ᠲᠣᠬᠤᠶ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠠᠶ ᠰᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠨᠡᠶᠢᠭᠡᠮ ᠲᠣᠭᠤᠷᠢᠭ ᠤᠨ ᠲᠧᠯᠸᠢᠰ ᠤᠨ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠵᠢᠶᠠ ᠴᠢᠩ ᠳ᠋ᠦᠩ ᠬᠠᠶ ᠰᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠵᠢᠶ ᠰᠢᠶᠠᠩ᠂ ᠪᠠᠲᠤ  ᠶᠢᠨ ᠬᠡᠷ ᠲᠤ ᠬᠦᠷᠴᠦ᠂ ᠲᠤᠬᠠᠶ ᠶᠢᠨ ᠲᠠᠯᠠᠪᠠᠶ ᠳᠤ ᠤᠲᠠᠰᠤᠲᠤ ᠲᠧᠯᠸᠢᠰ ᠤᠨ ᠬᠡᠷᠡᠭᠯᠡᠯᠲᠡ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠴᠤᠪᠤᠷᠠᠯ ᠢ ᠣᠶᠢᠯᠠᠭᠠᠭᠰᠠᠨ ᠪᠥᠭᠡᠳ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠦᠬᠠᠶ ᠳᠠᠬᠢ ᠬᠤᠪᠢᠶᠠᠷᠢ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠪᠴᠠᠩ ᠤᠨ ᠪᠥᠲᠥᠭᠡᠨ ᠪᠠᠶᠢᠭᠤᠯᠤᠯᠲᠠ᠂  ᠠᠵᠢᠯᠯᠠᠭ᠎ᠠ ᠵᠡᠷᠭᠡ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠪᠠ᠃ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠵᠢᠶᠠ ᠴᠢᠩ ᠳ᠋ᠦᠩ ᠬᠡᠷᠡᠭ ᠡᠷᠬᠢᠯᠡᠬᠦ ᠭᠠᠵᠠᠷ ᠤᠨ ᠡᠭᠦᠷᠭᠡ ᠬᠦᠯᠢᠶᠡᠨ ᠠᠪᠤᠭᠰᠠᠨ ᠪᠠᠶᠢᠳᠠᠯ ᠢ ᠣᠶᠢᠯᠠᠭᠠᠵᠠᠶ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ( ᠭᠠᠵᠠᠷ᠂ ᠥᠷᠲᠡᠭᠡ )   ᠤᠨ ᠦᠶᠯᠡᠴᠢᠯᠡᠭᠡᠨ ᠤ ᠴᠢᠳᠠᠮᠵᠢ ᠶᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠨᠢᠭᠲᠠ ᠰᠢᠭᠢᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ( ᠭᠠᠵᠠᠷ᠂ ᠥᠷᠲᠡᠭᠡ )   ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠳᠤᠮᠳᠠᠬᠢ ᠦᠶᠯᠡᠳᠦᠯ ᠢ ᠢᠯᠡᠷᠡᠭᠦᠯᠬᠦ ᠶᠢᠨ ᠬᠠᠮᠲᠤ ᠪᠠᠰᠠ ᠡᠬᠢ ᠪᠠᠶᠠᠯᠢᠭ ᠢ ᠨᠢᠭᠡᠳᠭᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠣᠯᠠᠨ ᠲᠦᠮᠡᠨ ᠳᠤ ᠨᠠᠩ ᠰᠠᠶᠢᠲᠤᠷ ᠦᠶᠯᠡᠴᠢᠯᠡᠬᠦ ᠬᠡᠷᠡᠭᠲᠡᠶ᠃ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠦᠬᠠᠶ ᠶᠢᠨ ᠬᠤᠪᠢᠶᠠᠷᠢ ᠺᠣᠮᠫᠠᠨᠢ ᠨᠢ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠥᠭᠵᠢᠯᠲᠡ᠂ ᠰᠢᠨ᠎ᠡ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠴᠢᠳᠠᠮᠵᠢ ᠪᠠ ᠦᠶᠯᠡᠴᠢᠯᠡᠭᠡᠨ ᠤ ᠲᠥᠷᠥᠯ ᠵᠦᠶᠯ ᠢᠶᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ︽ᠲᠧᠯᠸᠢᠰ ᠦᠵᠡᠬᠦ︾ ᠠᠴᠠ ︽ᠲᠧᠯᠸᠢᠰ ᠬᠡᠷᠡᠭᠯᠡᠬᠦ︾ ᠳᠠᠰᠢ ᠬᠤᠪᠢᠷᠠᠭᠤᠯᠤᠨ ᠰᠢᠨ᠎ᠡ ᠶᠢ ᠡᠭᠦᠳᠬᠦ ᠶᠢ ᠠᠬᠢᠭᠤᠯᠵᠤ᠂ ᠴᠢᠨᠠᠷ ᠰᠠᠶᠢᠲᠠᠶ ᠠᠭᠤᠯᠭ᠎ᠠ ᠪᠠ ᠪᠦᠷᠢᠨ ᠭᠦᠶᠴᠡᠳ ᠦᠶᠯᠡᠴᠢᠯᠡᠭᠡ ᠶᠢ ᠲᠦᠭ ᠲᠦᠮᠡᠨ ᠡᠷᠦᠬᠡ ᠳᠤ ᠬᠦᠷᠭᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号