ᠪᠦᠬᠦ ᠬᠤᠲᠠ ᠶᠢᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/4
     12 ᠰᠠᠷ᠎ᠠ ᠶᠢᠨ 2 ᠤᠨ ᠡᠳᠦᠷ᠂ ᠪᠥᠬᠦ ᠬᠤᠲᠠ ᠶᠢᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠤᠯᠪᠠᠰᠣᠷᠠᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠢ ᠿᠦᠩ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠢ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠬᠤ᠋ ᠱᠠᠨ ᠱᠦᠨ ᠲᠠᠶᠢᠴᠢᠯᠠᠯᠳᠠ ᠪᠠᠶᠢᠷᠢᠯᠠᠭᠤᠯᠤᠯᠲᠠ ᠬᠢᠵᠡᠶ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠲᠤᠰ ᠣᠳᠠᠭᠠᠨ ᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠨᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠯᠡᠭᠡ ᠤᠳᠠᠯ ᠦᠭᠡᠢ ᠲᠡᠭᠦᠰᠴᠦ᠂ ᠤᠯᠤᠰ ᠳᠠᠶᠠᠭᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠴᠢᠬᠤᠯᠠ ᠲᠡᠤᠬᠡᠨ ᠴᠠᠭ ᠮᠥᠴᠡ ᠳᠤ ᠣᠷᠣᠬᠤ ᠨᠢᠭᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠮᠦᠨ᠂ ᠡᠭᠦᠨ ᠤ ᠬᠠᠮᠲᠤ ᠪᠠᠰᠠ ᠪᠠᠯᠭᠠᠰᠤ ︵ᠵᠡᠭᠡᠯᠢ ᠭᠤᠳᠤᠮᠵᠢ︶᠂ ᠲᠣᠭᠤᠷᠢᠭ᠂ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠠᠩᠬᠠᠳᠠᠭᠴᠢ ᠠᠵᠢᠯ ᠪᠣᠯᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠪᠦᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠤᠨ ᠣᠨᠴᠠᠭᠠᠶ ᠴᠢᠬᠤᠯᠠ ᠴᠢᠨᠠᠷ ᠢ ᠬᠦᠢᠴᠡᠳ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠤᠬᠡ ᠶᠢᠨ ᠡᠭᠦᠷᠭᠡᠲᠦ ᠰᠡᠳᠬᠢᠯᠭᠡ ᠪᠠᠷ ᠬᠤᠭᠤᠴᠠᠭ᠎ᠠ ᠰᠣᠯᠢᠬᠤ ᠡᠯ᠎ᠡ ᠭᠤᠭᠴᠤᠭ᠎ᠠ ᠶᠢᠨ ᠠᠵᠢᠯ ᠢᠶᠠᠨ ᠨᠠᠷᠢᠯᠢᠭ ᠪᠣᠳᠠᠲᠠᠶ ᠠᠳᠬᠤᠬᠤ ᠬᠡᠷᠡᠭᠲᠡᠶ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠤᠳᠤᠷᠢᠳᠬᠤ ᠪᠠᠭ ᠢ ᠰᠠᠶᠢᠲᠤᠷ ᠰᠣᠩᠭᠤᠬᠤ᠂ ᠰᠠᠶᠢᠨ ᠪᠠᠶᠢᠳᠠᠯ ᠲᠠᠢ ᠪᠠᠷ ᠰᠣᠯᠢᠬᠤ᠂ ᠰᠠᠶᠢᠨ ᠬᠡᠪ ᠰᠤᠷᠲᠠᠯ ᠢ ᠪᠦᠷᠢᠯᠳᠦᠭᠦᠯᠬᠦ᠂ ᠰᠠᠶᠢᠨ ᠲᠣᠭᠲᠠᠴᠠ ᠶᠢ ᠪᠦᠷᠢᠯᠳᠦᠭᠦᠯᠬᠦ︾ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠳᠡᠢ᠃ ᠪᠡᠯᠡᠳᠬᠡᠯ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠳᠠᠯ ᠲᠣᠳᠣᠷᠬᠠᠢ ᠦᠭᠡᠢ᠂ ᠶᠠᠭᠠᠷᠠᠤ ᠰᠠᠨᠲᠤᠷᠣᠣ ᠪᠠᠶᠢᠳᠠᠯ ᠭᠠᠷᠬᠤ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠢ᠃ ᠬᠥᠮᠦᠨ ᠰᠣᠩᠭᠤᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠬᠥᠮᠦᠨ ᠰᠣᠩᠭᠤᠬᠤ ᠬᠠᠷᠠᠭ᠎ᠠ ᠪᠠᠨ ᠠᠭᠤᠵᠢᠭᠤ ᠪᠣᠯᠭᠠᠵᠤ᠂ ᠪᠠᠭ ᠤᠨ ᠪᠦᠲᠦᠴᠡ ᠪᠠᠨ ᠰᠢᠯᠢᠳᠡᠭᠵᠢᠭᠦᠯᠵᠦ᠂ ᠦᠢᠯᠡᠳᠦᠯ ᠢᠶᠠᠨ ᠢᠯᠡᠳᠲᠡ ᠪᠠᠳᠠᠷᠠᠭᠤᠯᠤᠭᠰᠠᠨ ᠦᠭᠡᠢ᠂ ᠶᠡᠷᠦᠩᠬᠡᠢ ᠬᠡᠪ ᠴᠢᠨᠠᠷ ᠨᠢ ᠰᠢᠨ᠎ᠡ ᠪᠠᠶᠢᠳᠠᠯ ᠳᠤ ᠵᠣᠬᠢᠴᠠᠬᠤ ᠦᠭᠡᠢ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠳᠡᠰ ᠳᠠᠷᠠᠭᠠᠯᠠᠯ ᠢᠶᠠᠨ ᠴᠢᠩᠭ᠎ᠠ ᠵᠢᠷᠤᠮᠵᠢᠭᠤᠯᠵᠤ᠂ ᠳᠦᠷᠢᠮ ᠢᠶᠠᠨ ᠲᠡᠭᠦᠯᠳᠡᠷᠵᠢᠭᠦᠯᠦᠨ᠂ ᠠᠯᠬᠤᠮ ᠳᠠᠷᠠᠭ᠎ᠠ ᠳᠡᠰ ᠳᠠᠷᠠᠭᠠᠯᠠᠯ ᠢ ᠵᠢᠷᠤᠮᠯᠠᠵᠤ᠂ ᠨᠢᠭᠲᠠ ᠴᠢᠩᠭ᠎ᠠ ᠠᠵᠢᠯᠯᠠᠨ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠨᠢ ᠬᠦᠴᠦᠨ ᠦᠭᠡᠢ᠂ ᠠᠵᠢᠯᠯᠠᠭ᠎ᠠ ᠨᠢ ᠬᠡᠪ ᠳᠦᠷᠢᠮ ᠠᠯᠳᠠᠭᠰᠠᠨ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠰᠠᠬᠢᠯᠭ᠎ᠠ ᠪᠠᠲᠤ ᠶᠢᠨ ᠬᠥᠮᠦᠵᠢᠯ ᠢ ᠲᠡᠷᠢᠭᠦᠨ ᠳᠤ ᠲᠠᠯᠪᠢᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭ᠎ᠠ ᠪᠣᠯᠭᠠᠵᠤ᠂ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠰᠠᠶᠢᠲᠤᠷ ᠠᠳᠬᠤᠵᠤ᠂ ᠠᠰᠢᠭ ᠲᠤᠰᠠ ᠶᠢᠨ ᠬᠠᠮᠲᠤᠯᠢᠭ  ᠠᠴᠠ ᠬᠠᠷᠰᠢᠯᠠᠬᠤ᠂ ᠰᠣᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠳᠡᠢ᠃ ᠵᠠᠯᠭᠠᠮᠵᠢ ᠠᠵᠢᠯ ᠢᠶᠠᠨ ᠴᠠᠭ ᠲᠤᠬᠠᠶ ᠳᠤᠨᠢ ᠳᠠᠭᠠᠵᠤ᠂ ᠰᠣᠩᠭᠤᠭᠤᠯᠢ ᠳᠠᠭᠤᠰᠪᠠᠯ ᠢᠯᠲᠤ ᠰᠡᠯᠡᠮ᠎ᠡ ᠪᠠᠨ ᠬᠥᠮᠥᠷᠭᠡ ᠳᠤ ᠣᠷᠣᠭᠤᠯᠵᠣ᠂ ᠣᠨᠤᠭ᠎ᠠ ᠮᠤᠷᠢ ᠪᠠᠨ ᠡᠮᠦᠨ᠎ᠡ ᠠᠭᠤᠯᠠᠨ ᠳᠤ ᠠᠷᠭᠠᠮᠵᠢᠬᠤ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠲᠤᠲᠤᠷᠬᠠᠶᠢᠯᠠᠵᠤ᠂ ᠬᠢᠨᠠᠨ ᠵᠢᠯᠣᠭᠤᠳᠴᠤ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠠᠳᠬᠤᠵᠤ᠂ ᠬᠤᠭᠤᠴᠠᠭ᠎ᠠ ᠰᠣᠯᠢᠬᠤ ᠡᠭᠦᠷᠭᠡ ᠪᠠᠨ ᠴᠠᠭ ᠲᠤᠬᠠᠶ ᠳᠤᠨᠢ ᠤᠷᠤᠭᠰᠢᠲᠠᠶ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃      ᠹᠧᠩ ᠰᠢᠤᠸᠠᠢ ᠲᠤᠤ ᠱᠠᠭᠠᠷᠳᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠠᠵᠢᠯ ᠤᠨ ᠴᠢᠭᠯᠡᠯ ᠢᠶᠠᠨ ᠣᠨᠣᠪᠴᠢᠲᠠᠶ ᠡᠵᠡᠮᠳᠡᠵᠦ᠂ ᠠᠵᠢᠯ ᠢᠶᠠᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ᠃ ᠡᠯ᠎ᠡ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠠᠭ ᠲᠤᠬᠠᠶ ᠳᠤᠨᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠪᠠᠰᠠ ᠪᠥᠬᠦ ᠬᠤᠲᠠ ᠶᠢᠨ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠠᠯ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号