ᠮᠠᠨ ᠤ ᠬᠤᠲᠠ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠵᠡᠮᠳᠡᠭᠴᠦᠳ ᠢ ᠲᠤᠰᠠᠯᠠᠭᠰᠠᠨ ᠲᠡᠷᠢᠭᠦᠨ ᠪᠠ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠪᠡᠶ᠎ᠡ ᠲᠠᠮᠢᠷ ᠤᠨ ᠴᠤᠭᠯᠠᠭᠠᠨ ᠳᠤ ᠱᠠᠩᠨᠠᠯ ᠣᠯᠤᠭᠰᠠᠨ ᠲᠠᠮᠢᠷᠴᠢᠳ ᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2020/12/4
     12 ᠰᠠᠷ᠎ᠠ ᠶᠢᠨ 3 ᠤ ᠡᠳᠦᠷ᠂ ᠮᠠᠨ ᠤ ᠬᠤᠲᠠ ᠵᠡᠮᠳᠡᠭᠴᠦᠳ ᠤᠨ ᠥᠪᠡᠷ ᠢ ᠪᠠᠨ ᠬᠦᠴᠦᠷᠬᠡᠭᠵᠢᠭᠦᠯᠦᠭᠰᠡᠨ ᠵᠢᠱᠢᠶᠡᠴᠢ ᠵᠡᠮᠳᠡᠭᠴᠦᠳ ᠢ ᠲᠤᠰᠠᠯᠠᠭᠰᠠᠨ ᠲᠡᠷᠢᠭᠦᠨ ᠢ ᠬᠥᠬᠢᠭᠦᠯᠦᠨ ᠰᠠᠶᠢᠰᠢᠶᠠᠬᠤ ᠵᠢᠴᠢ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠪᠡᠶ᠎ᠡ ᠲᠠᠮᠢᠷ ᠤᠨ ᠴᠤᠭᠯᠠᠭᠠᠨ ᠳᠤ ᠱᠠᠩᠨᠠᠯ ᠭᠥᠷᠳᠡᠭᠰᠡᠨ ᠲᠠᠮᠢᠷᠴᠢᠳ ᠲᠤ ᠱᠠᠩᠨᠠᠯ ᠣᠯᠭᠤᠬᠤ ᠶᠤᠰᠣᠯᠠᠯ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠢᠦ ᠵᠢᠶᠦ᠋ᠨ ᠶᠠᠰᠣᠯᠠᠯ ᠳᠤ ᠣᠷᠣᠯᠴᠠᠪᠠ᠃      ᠳ᠋ᠧᠩ ᠺᠠᠶ ᠶᠠᠷᠢᠶᠠᠨ ᠳᠠᠭᠠᠨ ᠴᠢᠩᠭᠠᠳᠬᠠᠭᠰᠠᠨ ᠨᠢ᠂ ᠵᠡᠮᠳᠡᠭᠴᠦᠳ ᠤᠨ ᠦᠢᠯᠡᠰ ᠪᠣᠯ ᠡᠷᠬᠢᠮ ᠲᠡᠭᠡᠲᠤ ᠬᠥᠮᠦᠯᠢᠭ ᠦᠵᠡᠯ ᠤᠨ ᠦᠢᠯᠡᠰ ᠮᠥᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠮᠳᠡᠭᠴᠦᠳ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠡᠮᠳᠡᠭᠴᠦᠳ ᠤᠨ ᠬᠠᠮᠲᠤᠯᠢᠭ ᠢ ᠬᠠᠯᠠᠮᠵᠢᠯᠠᠨ ᠬᠠᠶᠢᠷᠠᠯᠠᠵᠤ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠬᠦᠯᠵᠦ᠂ ᠵᠡᠮᠳᠡᠭᠴᠦᠳ ᠤᠨ ᠦᠢᠯᠡᠰ ᠲᠠᠬᠢ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠵᠡᠮᠳᠡᠭᠴᠦᠳ ᠤᠨ ᠭᠤᠤᠯᠳᠠᠯᠭ᠎ᠠ ᠲᠠᠢ ᠠᠵᠢᠯ ᠢ ᠰᠢᠨ᠎ᠡ ᠰᠢᠪᠲᠤᠯᠤᠯᠲᠠ ᠲᠠᠢ ᠪᠣᠯᠭᠠᠪᠠ᠃ ᠵᠡᠮᠳᠡᠭᠴᠦᠳ ᠤᠨ ᠦᠢᠯᠡᠰ ᠤᠨ ᠡᠷᠡᠭᠦᠯ ᠬᠥᠭᠵᠢᠯᠲᠡ ᠨᠢ ᠵᠡᠮᠳᠡᠭᠴᠦᠳ ᠤᠨ ᠡᠷᠴᠢ ᠵᠣᠷᠢᠭ ᠢᠶᠠᠨ ᠬᠥᠪᠴᠢᠯᠡᠵᠤ᠂ ᠢᠲᠡᠭᠡᠯ ᠵᠣᠷᠢᠭ  ᠢᠶᠠᠨ ᠤᠯᠠᠮ ᠨᠢᠭᠡ ᠠᠯᠬᠤᠮ ᠬᠥᠭᠵᠢᠭᠡᠵᠦ᠂ ᠰᠢᠨ᠎ᠡ ᠪᠠᠶᠢᠳᠠᠯ ᠳᠣᠤᠷᠠᠬᠢ ᠵᠡᠮᠳᠡᠭᠴᠦᠳ ᠤᠨ ᠠᠵᠢᠯ ᠢ ᠰᠠᠶᠢᠲᠤᠷ ᠬᠢᠬᠦ  ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠭᠦᠷᠭᠡ ᠢᠷᠠᠭᠤ ᠠᠯᠳᠠᠷᠲᠠᠶ ᠶᠤᠮ᠃      ︽ᠬᠤᠲᠠ ᠶᠢᠨ ᠥᠪᠡᠷ ᠢ ᠪᠠᠨ ᠬᠦᠴᠦᠷᠬᠡᠭᠵᠢᠭᠦᠯᠬᠦ ᠵᠢᠱᠢᠶᠡᠴᠢ︾ ︽ᠬᠤᠲᠠ ᠶᠢᠨ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠬᠤᠪᠢ ᠬᠥᠮᠦᠨ︾ ︽ᠵᠡᠮᠳᠡᠭᠴᠦᠳ ᠤᠨ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠠᠵᠢᠯᠲᠠᠨ︾ ︽ᠬᠤᠲᠠ ᠶᠢᠨ ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠬᠠᠮᠲᠤ︾ ︽ᠵᠡᠮᠳᠡᠭᠴᠦᠳ ᠤᠨ ᠭᠡᠷ ᠪᠦᠯᠢ︾ ᠶᠢᠨ ᠴᠣᠯᠠ ᠣᠯᠤᠭᠰᠠᠨ ᠬᠤᠪᠢ ᠬᠥᠮᠦᠨ ᠪᠠ ᠬᠠᠮᠲᠤ ᠨᠡᠶᠢᠲᠡ ᠵᠢᠴᠢ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠪᠡᠶ᠎ᠡ ᠲᠠᠮᠢᠷ ᠤᠨ ᠴᠤᠭᠯᠠᠭᠠᠨ ᠳᠤ ᠱᠠᠩᠨᠠᠯ ᠬᠦᠷᠲᠡᠭᠰᠡᠨ ᠲᠠᠮᠢᠷᠴᠢᠳ ᠢ ᠬᠥᠬᠢᠭᠦᠯᠦᠨ ᠰᠠᠶᠢᠰᠢᠶᠠᠪᠠ ᠃ ᠬᠤᠲᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢ ᠪᠣᠯᠤᠨ ᠵᠡᠮᠳᠡᠭᠴᠦᠳ ᠤᠨ ᠣᠯᠠᠨ ᠨᠠᠶᠢᠵᠠ ᠨᠠᠷ ᠣᠯᠠᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠠᠶ᠃        ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠵᠡᠮᠳᠡᠭᠴᠦᠳ ᠤᠨ ᠠᠵᠢᠯ ᠤᠨ ᠵᠥᠪᠯᠡᠯ᠂ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠭᠤᠣᠯᠯᠠᠨ ᠡᠷᠭᠢᠯᠡᠪᠡ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号