ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠲᠤᠭᠤᠶᠢᠯᠠᠩ 2020 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/4
     12 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠣᠳᠣᠷᠢᠳᠬᠤ ᠳᠤᠭᠤᠶᠢᠯᠠᠩ ᠤᠨ 2020 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽︿ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠴᠢᠩᠭᠠᠳᠬᠠᠬᠤ ᠲᠤᠬᠠᠶ ᠰᠠᠨᠠᠯ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠠᠵᠢᠯ ᠤᠨ ᠬᠤᠪᠢᠶᠠᠷᠢᠯᠠᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠠᠵᠢᠯ ᠪᠠ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠳᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠦ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠬᠦ ᠪᠣᠯ ᠮᠠᠨ ᠤ ᠨᠠᠮ ᠤᠨ ᠢᠮᠠᠭᠲᠠ ᠶᠢᠨ ᠰᠢᠯᠢᠳᠡᠭ ᠣᠯᠠᠮᠵᠢᠯᠠᠯ ᠮᠥᠨ᠂ ᠪᠠᠰᠠ ᠴᠤ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠱᠠᠭᠠᠷᠳᠠᠯᠭ᠎ᠠ ᠮᠥᠨ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠶᠡᠭᠡ ᠪᠠᠶᠢᠷᠢᠰᠢᠯ ᠳᠤ ᠲᠠᠯᠪᠢᠨ ᠰᠡᠳᠬᠢᠨ ᠪᠣᠳᠣᠯᠬᠢᠯᠠᠵᠤ᠂ ᠪᠦᠬᠦ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠳᠦᠷᠢᠮ ᠤᠨ ᠰᠢᠨ᠎ᠡ ᠡᠭᠦᠳᠦᠯᠲᠡ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢᠨ ᠶᠡᠭᠡ ᠣᠷᠴᠢᠨ ᠳᠤ ᠲᠠᠯᠪᠢᠨ ᠨᠠᠶᠢᠳᠠᠪᠤᠷᠢᠵᠢᠭᠤᠯᠵᠤ ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠷᠣᠨ ᠨᠤᠲᠤᠭ ᠲᠤ ᠭᠠᠪᠢᠶ᠎ᠠ ᠪᠠᠶᠢᠭᠤᠯᠵᠤ ᠦᠢᠯᠡᠰ ᠪᠤᠰᠬᠠᠬᠤ ᠳᠤ ᠲᠠᠪᠴᠠᠩ ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠬᠦ ᠳᠤ ᠨᠥᠬᠦᠴᠡᠯ ᠪᠦᠷᠢᠯᠳᠦᠭᠦᠯᠵᠦ ᠦᠭᠬᠦ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠥᠬᠦᠷᠡᠰᠢ ᠦᠭᠡᠶ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠥᠪ ︵ᠥᠷᠲᠡᠭᠡ︶ ᠤᠨ ᠪᠠᠶᠢᠭᠤᠯᠤᠯᠲᠠ ᠪᠣᠯᠤᠨ ᠠᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠠᠬᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠤᠰᠬᠠᠶᠢᠵᠢᠯᠳᠠ᠂ ᠵᠢᠷᠣᠮᠵᠢᠯᠳᠠ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠳᠡᠢ᠃ ᠠᠵᠢᠯ ᠣᠯᠭᠤᠵᠤ ᠲᠥᠪᠬᠢᠨᠡᠭᠦᠯᠬᠦ ᠪᠠ ᠦᠢᠯᠡᠰ ᠪᠤᠰᠬᠠᠬᠤ ᠶᠢ ᠲᠡᠳᠬᠦᠨ ᠳᠡᠮᠵᠢᠬᠦ ᠶᠢ ᠤᠨᠢᠨ ᠳᠡᠭᠡᠷ᠎ᠡ ᠨᠢ ᠪᠣᠳᠠᠲᠠᠢ ᠶᠢ ᠪᠠᠷᠢᠮᠲᠠᠯᠠᠨ ᠰᠠᠶᠢᠲᠤᠷ ᠠᠳᠬᠤᠵᠤ᠂ ᠨᠠᠮ ᠪᠣᠯᠤᠨ ᠤᠯᠤᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠯᠠᠮᠵᠢᠯᠠᠨ ᠬᠠᠶᠢᠷᠠᠯᠠᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠡᠳᠬᠢᠯ ᠲᠠᠯᠪᠢᠨ ᠬᠠᠶᠢᠷ᠎ᠠ ᠰᠡᠳᠭᠢᠯᠭᠡ ᠲᠠᠢ ᠪᠠᠷ ᠰᠠᠶᠢᠲᠤᠷ ᠠᠳᠬᠤᠵᠤ᠂ ᠬᠦᠴᠢᠷᠳᠡᠯ ᠢ ᠲᠤᠰᠠᠯᠠᠬᠤ ᠪᠠ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠣᠭᠲᠠᠴᠠ ᠪᠠᠨ ᠲᠡᠭᠦᠯᠳᠡᠷᠵᠢᠬᠦᠯᠵᠦ᠂ ᠠᠰᠠᠷᠠᠮᠵᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠬᠦ ᠠᠴᠠ ᠨᠡᠶᠢᠭᠡᠮ ᠤᠨ ᠰᠠᠶᠢᠰᠢᠶᠠᠯ᠂ ᠠᠰᠠᠷᠠᠮᠵᠢ᠂ ᠬᠠᠷᠠᠭᠠᠯᠵᠠᠯ ᠢ ᠬᠠᠷᠢᠯᠴᠠᠨ ᠤᠶᠠᠯᠳᠤᠭᠤᠯᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠳᠡᠢ᠃ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠯᠠᠪᠳᠠᠭᠤᠨ ᠪᠦᠲᠦᠮᠵᠢᠲᠡᠶ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠴᠢᠭ ᠲᠤ ᠲᠦᠰᠢᠭᠯᠡᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠵᠤ᠂ ᠰᠤᠷᠪᠤᠯᠵᠢᠯᠠᠨ ᠲᠣᠬᠤᠨᠢᠭᠤᠯᠬᠤ ᠵᠡᠷᠭᠡ ᠠᠵᠢᠯ ᠢᠶᠠᠨ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠦᠨᠳᠦᠳᠬᠡᠬᠦ᠂ ᠬᠠᠯᠠᠮᠵᠢᠯᠠᠬᠤ᠂ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠡᠯ᠎ᠡ ᠵᠦᠢᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠦᠨᠳᠦᠰᠦᠨ ᠴᠢᠳᠠᠪᠤᠷᠢ᠂ ᠰᠠᠭᠤᠷᠢ ᠠᠵᠢᠯ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ ᠭᠤᠷᠪᠠᠨ ᠭᠤᠤᠯᠳᠠᠯᠭ᠎ᠠ ᠲᠠᠢ ᠤᠶᠠᠯᠳᠤᠭᠤᠯᠤᠨ᠂ ᠵᠢᠷᠤᠮᠵᠢᠯ ᠢ ᠠᠳᠬᠤᠵᠤ᠂ ᠳᠡᠭᠡᠭᠰᠢᠯᠡᠯᠲᠡ ᠶᠢ ᠠᠳᠬᠤᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠦᠨᠡᠨ ᠬᠦ ᠪᠠᠲᠤᠳᠬᠠᠨ ᠪᠣᠳᠠᠲᠠᠶᠢᠵᠢᠭᠤᠯᠬᠤ ᠬᠡᠷᠡᠭᠳᠡᠢ᠃ ︽ᠬᠠᠮᠤᠭ ᠤᠨ ᠭᠤᠶᠤ ᠴᠡᠷᠢᠭ ᠤᠨ ᠠᠯᠪᠠ ᠠᠴᠠ ᠬᠠᠯᠠᠭᠳᠠᠭᠰᠠᠳ︾ ᠤᠨ ᠵᠢᠱᠢᠶᠡᠴᠢ ᠶᠢ ᠰᠣᠩᠭᠤᠬᠤ ᠪᠠ ᠤᠬᠠᠭᠤᠯᠬᠤ ᠠᠵᠢᠯᠯᠠᠭ᠎ᠠ ᠶᠢ ᠭᠦᠨᠵᠡᠭᠡᠢ ᠵᠣᠬᠢᠶᠠᠨ ᠪᠠᠶᠢᠭᠤᠯᠵᠤ ᠰᠠᠶᠢᠲᠤᠷ ᠥᠷᠨᠢᠭᠦᠯᠵᠦ᠂ ᠪᠦᠬᠦ ᠬᠤᠳᠠ ᠶᠢᠨ ᠴᠡᠷᠢᠭ ᠠᠷᠠᠳ ᠤᠨ ᠵᠢᠭᠠᠰᠤ ᠤᠰᠤᠨ ᠤ ᠭᠦᠨ ᠵᠤᠵᠠᠭᠠᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号