ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ 17 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/12/4
     12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 17 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠸᠠᠩ ᠵᠣᠣ ᠱᠧᠩ᠂ ᠳᠡᠳ᠋ ᠬᠤᠲᠠ ᠶᠢᠨ ᠳᠠᠷᠤᠭ᠎ᠠ ᠯᠢᠶᠠᠩ ᠱᠣ᠋ ᠫᠢᠩ᠂ ᠰᠦᠨ ᠬᠤᠤ ᠵᠢᠴᠢ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠪᠠ᠃      ᠳᠡᠳ᠋ ᠬᠤᠲᠠ ᠶᠢᠨ ᠳᠠᠷᠤᠭ᠎ᠠ ᠡᠤ ᠶᠧ ᠸᠧᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠳ ᠢ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠣᠨᠣᠪᠴᠢᠲᠠᠶ ᠡᠵᠡᠮᠰᠢᠵᠦ᠂ ᠬᠠᠤᠯᠢ ᠪᠠᠷ ᠵᠠᠰᠠᠬᠤ ᠰᠡᠳᠬᠢᠬᠦᠶ ᠶᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠠᠵᠢᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠠᠴᠠ ᠪᠣᠳᠣᠯᠬᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ  ᠯᠤᠭ᠎ᠠ ᠨᠢᠭᠲᠠ ᠤᠶᠠᠯᠳᠣᠭᠤᠯᠣᠨ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ᠂ ᠣᠷᠣᠨ ᠪᠦᠰᠡ ᠶᠢ ᠬᠠᠮᠵᠢᠯᠴᠠᠨ ᠬᠥᠭᠵᠢᠭᠦᠯᠬᠦ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢᠨ ᠳᠤᠮᠳᠠ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠬᠦᠯᠬᠦ ᠬᠡᠷᠡᠭᠳᠡᠢ᠃ ᠬᠥᠳᠡᠯᠮᠦᠷᠢ ᠶᠢ ᠬᠦᠨᠳᠦᠳᠬᠡᠵᠦ᠂ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠥᠷᠭᠡᠨ ᠤᠯᠠᠨ ᠬᠥᠳᠡᠯᠮᠦᠷᠢᠴᠢᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠦᠬᠠᠶ ᠬᠤᠲᠠ ᠳᠤ ᠪᠠᠶᠢᠴᠠᠭᠠᠨ ᠰᠣᠳᠣᠯᠣᠭᠰᠠᠨ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠷᠢᠨ ᠬᠢᠨᠠᠮᠠᠭᠠᠢ ᠬᠠᠷᠢᠴᠠᠭᠤᠯᠤᠨ᠂ ᠬᠠᠨᠳᠤᠯᠭᠠᠲᠤ ᠴᠢᠨᠠᠷᠲᠠᠢ ᠪᠠᠷ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠮᠠᠨ ᠤ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠢᠶᠠᠨ ᠪᠦᠬᠦ ᠲᠠᠯ᠎ᠠ ᠪᠠᠷ ᠡᠷᠢᠵᠦ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠵᠣᠭᠰᠣᠴᠠ ᠥᠨᠳᠥᠷ᠂ ᠪᠠᠶᠢᠷᠢ ᠲᠣᠭᠲᠠᠭᠠᠯᠲᠠ ᠣᠨᠣᠪᠴᠢᠲᠠᠶ᠂ ᠴᠢᠭᠯᠡᠯ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠣᠳᠣᠷᠢᠳᠬᠤ ᠳᠤᠭᠤᠶᠢᠯᠠᠩ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠪᠠᠲᠤ ᠪᠠᠭᠢ ᠪᠤᠢ ᠪᠤᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠳᠡᠢ ᠬᠡᠵᠡᠢ᠃      ᠬᠤᠷᠠᠯ ᠠᠴᠠ ᠪᠠᠰᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠦᠭᠡ ᠬᠡᠯᠡ ᠥᠰᠥᠭ ᠪᠢᠴᠢᠭ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾ ᠢ ᠤᠯᠠᠮᠵᠢᠯᠠᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号