ᠬᠤᠲᠠ ᠶᠢᠨ ᠵᠠᠰᠠᠭ ᠤᠨ ᠣᠷᠳᠣᠨ ᠤ 2020 ᠣᠨ ᠤ 19 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/4
     12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠤᠲᠠ ᠶᠢᠨ ᠵᠠᠰᠠᠭ ᠤᠨ ᠣᠷᠳᠣᠨ ᠤ 2020 ᠤᠨ 19 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠬᠠᠶ ᠬᠤᠲᠠ ᠶᠢᠨ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ︽ᠦᠬᠠᠶ ᠶᠢᠨ ᠤᠯᠠᠭᠠᠨᠮᠥ᠋ᠴᠢᠷ ᠤᠨ ᠦᠭᠡᠷᠡᠴᠢᠯᠡᠯᠳᠡ ᠶᠢᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠣᠳᠣᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠮᠥᠷᠲᠡᠭᠡᠨ ᠪᠠᠰᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠶᠢᠨ ᠴᠢᠬᠤᠯᠠ ᠡᠭᠦᠷᠭᠡ ᠪᠣᠯᠤᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠬᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ︽ᠬᠡᠨ ᠲᠤᠭᠤᠷᠪᠢᠭᠰᠠᠨ ᠪᠣᠯ ᠬᠡᠨ ᠢᠯᠭᠠᠷᠠᠭᠤᠯᠬᠤ︾ ᠵᠠᠷᠴᠢᠮ ᠶᠣᠰᠣᠭᠠᠷ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠮᠠᠨ ᠤ ᠬᠤᠲᠠ ᠶᠢᠨ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠬᠢᠷᠠᠬᠤ ᠦᠭᠡᠢ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠲᠦᠢᠯᠪᠤᠷᠢᠲᠠᠢ ᠪᠠᠶᠢᠴᠠᠭᠠᠨ ᠲᠣᠳᠣᠯᠠᠵᠤ᠂ ᠵᠠᠰᠠᠪᠠᠰᠤ ᠵᠣᠬᠢᠬᠤ ᠶᠢ ᠨᠢ ᠪᠦᠬᠦᠨ ᠢ ᠦᠭᠡᠷᠡᠴᠢᠯᠡᠵᠦ᠂ ᠬᠠᠶᠠᠪᠠᠰᠤ ᠵᠣᠬᠢᠬᠤ ᠶᠢ ᠨᠢ ᠪᠦᠬᠦᠨ ᠢ ᠦᠭᠡᠶᠢᠰᠬᠡᠵᠦ᠂ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ᠂ ᠴᠠᠭ ᠬᠤᠭᠤᠴᠠᠭᠠᠲᠤ ᠴᠢᠨᠠᠷ᠂ ᠵᠢᠷᠤᠮᠵᠢᠯ ᠤᠨ ᠴᠢᠨᠠᠷ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠳᠡᠭᠡᠷ᠎ᠡ ᠦᠨᠡᠨᠬᠦ ᠨᠢᠭᠡᠳᠬᠡᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠦᠬᠦ ᠬᠤᠲᠠ ᠶᠢᠨ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠳᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠠᠯᠳᠠ ᠡᠭᠦᠷᠭᠡ ᠪᠠᠨ ᠲᠣᠳᠣᠷᠬᠠᠶᠢᠯᠠᠵᠤ᠂ ᠴᠠᠭ ᠤᠨ ᠵᠠᠩᠭᠢᠶᠠᠰᠤ ᠶᠢ ᠡᠵᠡᠮᠳᠡᠵᠦ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠨᠢᠮᠪᠠᠶ ᠪᠠᠶᠢᠴᠠᠭᠠᠵᠤ᠂ ᠴᠡᠭᠴᠡᠯᠡᠨ ᠵᠠᠰᠠᠬᠤ ᠠᠵᠢᠯ ᠢᠶᠠᠨ ᠴᠢᠩᠭ᠎ᠠ ᠠᠳᠬᠤᠵᠤ᠂ ᠳᠠᠯᠳᠠ ᠭᠡᠮ ᠢ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠪᠠᠲᠤ ᠪᠤᠢ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠵᠡᠷᠭᠡᠪᠡᠷ ᠪᠠᠶᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠪᠡᠶᠡᠯᠡᠬᠦᠯᠬᠦ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ ᠥᠭᠡᠷᠡᠴᠢᠯᠡᠯᠲᠡ ᠶᠢᠨ ᠬᠡᠷᠡᠭᠵᠢᠬᠦᠯᠬᠦ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠤᠯᠠᠭᠠᠨᠮᠥ᠋ᠴᠢᠷ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠪᠠ ᠵᠠᠬ᠎ᠠ ᠳᠡᠯᠭᠡᠭᠦᠷᠴᠢᠯᠡᠯᠲᠡ ᠶᠢ ᠤᠶᠠᠯᠳᠤᠭᠤᠯᠤᠭᠰᠠᠨ ᠠᠵᠢᠯᠯᠠᠭᠠᠨ ᠤ ᠠᠷᠭ᠎ᠠ ᠮᠠᠶ᠋ᠢᠭ ᠢ ᠢᠳᠡᠪᠬᠢᠳᠡᠢ ᠰᠦᠪᠡᠭᠴᠢᠯᠡᠵᠦ᠂ ᠬᠢᠨᠠᠨ ᠰᠢᠯᠭᠠᠵᠤ ᠦᠨᠡᠯᠡᠨ ᠵᠢᠱᠢᠬᠦ ᠲᠣᠭᠲᠠᠴᠠ ᠪᠠᠨ ᠲᠠᠰᠤᠷᠠᠯᠲᠠ ᠦᠭᠡᠢ ᠪᠦᠷᠢᠨ ᠪᠣᠯᠭᠠᠨ ᠲᠡᠭᠦᠯᠳᠡᠷᠵᠢᠭᠦᠯᠵᠦ᠂ ᠤᠯᠠᠭᠠᠨᠮᠥ᠋ᠴᠢᠷ ᠤᠨ ᠡᠩᠨᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠠᠷᠠᠳ ᠣᠯᠠᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号