ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/4
     12 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠷᠠᠯ ᠢ ᠡᠷᠭᠢᠯᠡᠪᠡ᠃      ᠬᠤᠷᠠᠯ ᠠᠴᠠ ᠪᠦᠬᠦ ᠣᠷᠣᠨ ᠤ ︽ᠲᠠᠪᠤᠨ ᠴᠢᠯᠠᠯᠲᠠ ︵‍ᠵᠢᠯᠠᠯᠳᠠ︶ ᠶᠢ ᠬᠠᠮᠵᠢᠯᠴᠠᠭᠤᠯᠤᠨ᠂ ᠦᠨᠳᠦᠰᠦᠨ ᠱᠠᠳᠣ ᠶᠢ ᠶᠡᠬᠡᠪᠡᠷ ᠠᠳᠬᠤᠬᠤ︾ ᠠᠬᠤᠶ ᠲᠠᠯᠠᠪᠠᠶ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠣᠭᠤᠶᠢᠯᠠᠩ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ︽ᠲᠠᠪᠤᠨ ᠴᠢᠯᠠᠯᠲᠠ ︵‍ᠵᠢᠯᠠᠯᠳᠠ︶ ᠶᠢ ᠬᠠᠮᠵᠢᠯᠴᠠᠭᠤᠯᠬᠤ︾ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ︽ᠦᠨᠳᠦᠰᠦᠨ ᠱᠠᠳᠤ ᠶᠢ ᠶᠡᠬᠡᠪᠡᠷ ᠠᠳᠬᠤᠬᠤ︾ ᠤᠳᠤᠷᠢᠳᠤᠮᠵᠢ ᠶᠢ ᠪᠦᠷᠢᠯᠳᠦᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠳᠠ ᠶᠢᠨ ᠪᠦᠬᠦ ᠲᠠᠯ᠎ᠠ ᠶᠢᠨ ᠲᠠᠪᠰᠢᠵᠦ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠳᠡᠢ᠃ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠢᠳᠡᠪᠬᠢᠲᠡᠶ ᠠᠵᠢᠯᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ ᠬᠡᠵᠡᠢ᠃      ᠬᠤᠷᠠᠯ ᠠᠴᠠ ︽︿ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ﹀ ᠢ ᠲᠤᠤᠱᠯᠠᠭᠤᠯᠤᠨ ᠬᠡᠷᠡᠭᠵᠢᠭᠦᠯᠬᠦ ᠠᠵᠢᠯ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠶᠢᠯᠠᠩ︶ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠨᠠᠷᠢᠨ ᠬᠢᠨᠠᠮᠠᠭᠠᠢ ᠬᠠᠷᠢᠴᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠮᠠᠨ ᠤ ᠬᠤᠲᠠ ᠳᠤ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠦᠨᠵᠡᠬᠡᠶᠢᠷᠡᠬᠦᠯᠦᠨ ᠠᠬᠢᠭᠤᠯᠬᠤ ᠲᠤᠬᠠᠢ ᠰᠠᠨᠠᠯ︾ ︽ᠦᠬᠠᠢ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠳᠠᠯᠢ ᠱᠠᠲᠤᠨ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠢᠨᠠᠨ ᠵᠥᠪᠯᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ︽ᠰᠠᠨᠠᠯ︾ ︽ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠪᠣᠯ ᠮᠠᠨ ᠤ ᠬᠤᠲᠠ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠬᠦᠨᠵᠡᠭᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠦᠭᠡᠳ ᠣᠯᠤᠭᠰᠠᠨ ᠲᠦᠷᠢᠮ ᠤᠨ ᠴᠢᠨᠠᠷᠲᠠᠶ ᠦᠷ᠎ᠡ ᠪᠦᠲᠦᠭᠡᠯ ᠪᠣᠯᠤᠨ᠎ᠠ᠃ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠭᠤᠭᠴᠤᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠠᠰᠣᠷᠠᠯᠳᠠ ᠦᠭᠡᠢ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠬᠡᠷᠡᠭᠵᠢᠭᠦᠯᠬᠦ ᠠᠷᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠬᠢᠨᠠᠯᠲᠠ ᠲᠠᠯᠪᠢᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠤ ᠡᠭᠦᠷᠭᠡᠯᠡᠵᠦ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠣᠭᠲᠠᠭᠠᠯ ᠶᠣᠰᠣᠭᠠᠷ ᠲᠤᠰᠢᠶᠠᠯ ᠢᠶᠠᠨ ᠬᠦᠢᠴᠡᠳᠬᠡᠬᠦ ᠶᠢ ᠤᠬᠠᠮᠰᠠᠷ ᠠᠴᠠ ᠪᠠᠨ ᠬᠠᠮᠵᠢᠯᠴᠠᠨ ᠲᠡᠮᠵᠢᠵᠦ᠂ ᠬᠢᠨᠠᠯᠲᠠ ᠲᠠᠯᠪᠢᠬᠤ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃      ᠬᠤᠷᠠᠯ ᠠᠴᠠ ︽ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠬᠢᠨᠠᠨ ᠵᠦᠪᠯᠡᠵᠦ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠢ ᠡᠭᠦᠷᠭᠡ ᠶᠣᠰᠣᠭᠠᠷ ᠠᠵᠢᠯ ᠬᠤᠪᠢᠶᠠᠷᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠠᠷᠢᠮᠵᠢᠶ᠎ᠠ ᠪᠠᠨ ᠲᠣᠳᠣᠷᠬᠠᠶᠢᠯᠠᠵᠤ᠂ ᠴᠠᠭ ᠤᠨ ᠬᠢᠵᠠᠭᠠᠷ ᠢᠶᠠᠨ ᠲᠤᠭᠳᠠᠭᠠᠵᠤ᠂ ᠡᠬᠡ ᠳᠠᠩᠰᠠ ᠪᠠᠶᠢᠭᠤᠯᠵᠤ᠂ ᠴᠡᠭᠴᠡᠯᠡᠨ ᠥᠭᠡᠷᠡᠴᠢᠯᠡᠭᠰᠡᠨ ᠤ ᠳᠠᠷᠠᠭᠠᠬᠢ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠳᠡᠢ ᠬᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠶ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号