ᠤᠳᠠ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/7
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠬᠠᠭᠤᠯᠤᠨ ᠲᠤᠤᠱᠯᠠᠭᠤᠯᠵᠤ᠂ ᠪᠦᠬᠦ ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠬᠦ ᠶᠢᠨ ᠲᠦᠯᠦᠭᠡ᠂ 12 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯᠲᠠᠨ ᠢ ᠤᠷᠢᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠶ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠪᠠ᠃      ᠤᠬᠠᠭᠤᠯᠤᠨ ᠲᠠᠶᠢᠯᠪᠤᠷᠢᠯᠠᠬᠴᠢ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠶᠢᠨ ᠭᠤᠣᠯ ᠠᠭᠤᠯᠭ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠬᠥᠭᠵᠢᠯᠲᠡ ᠶᠢᠨ ᠣᠷᠴᠢᠨ ᠲᠣᠭᠤᠷᠢᠨ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠵᠢᠴᠢ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠵᠡᠷᠭᠡ 4 ᠲᠠᠯ᠎ᠠ ᠠᠴᠠ ᠰᠢᠰᠲ᠋ᠧᠮ ᠲᠠᠢ ᠲᠠᠶᠢᠯᠤᠮᠵᠢ ᠪᠠ ᠭᠦᠨᠵᠡᠭᠡᠶ ᠲᠠᠶᠢᠯᠪᠤᠷᠢᠯᠠᠯᠲᠠ ᠬᠢᠵᠡᠶ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠤᠳᠠ ᠲᠣᠭᠤᠷᠢᠭ ᠱᠠᠭᠠᠷᠳᠠᠭᠰᠠᠨ ᠨᠢ᠂ ᠪᠦᠬᠦ ᠰᠣᠷᠣᠯᠴᠠᠯᠭ᠎ᠠ ᠳᠤ ᠣᠷᠣᠯᠴᠠᠭᠰᠠᠳ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠢ ᠡᠵᠡᠮᠳᠡᠬᠦ ᠬᠡᠷᠡᠭᠲᠡᠢ︔ ᠰᠤᠷᠤᠯᠴᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠳᠡᠢ︔ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠪᠦᠬᠦ ᠲᠤᠭᠤᠷᠢᠭ ᠳᠠᠶᠠᠭᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢᠨ᠎ᠡ ᠬᠥᠭᠵᠢᠯᠲᠡ ᠶᠢᠨ ᠦᠵᠡᠯᠲᠡ ᠶᠢ ᠲᠤᠤᠱᠯᠠᠭᠤᠯᠬᠤ ᠲᠠᠢ ᠤᠶᠠᠯᠳᠤᠭᠤᠯᠤᠨ᠂ ᠲᠣᠰ ᠪᠡᠶ᠎ᠡ ᠶᠢᠨ ᠬᠥᠭᠵᠢᠯᠲᠡ ᠶᠢᠨ ᠬᠦᠴᠦᠯᠡᠬᠦ ᠴᠡᠭ ᠢᠶᠠᠨ ᠣᠨᠣᠪᠴᠢᠲᠠᠶ ᠡᠷᠢᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠳᠡᠢ ᠬᠡᠵᠡᠢ ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号