ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠮᠠᠨ ᠤ ᠬᠤᠲᠠ ᠶᠢᠨ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠪᠠ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2020/12/7
     12 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠶᠠᠳᠤᠭᠠᠷ ᠳᠡᠰ ᠤᠨ ᠲᠤᠭᠤᠷᠢᠨ ᠪᠠᠶᠢᠴᠠᠭᠠᠭᠴᠢ ᠶᠤᠸᠠᠨ ᠰᠢᠨ ᠴᠦᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠳᠠᠭᠠᠭᠤᠯᠤᠨ ᠮᠠᠨ ᠤ ᠬᠤᠲᠠ ᠳᠤ ᠭᠦᠨᠵᠡᠭᠡᠶᠢᠷᠡᠵᠦ᠂ ᠮᠠᠨ ᠤ ᠬᠤᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯᠤᠨ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠵᠤ᠂ ᠲᠡᠷᠡᠴᠢᠯᠡᠨ ᠬᠠᠷᠢᠭᠤ ᠮᠡᠳᠡᠭᠦᠯᠦᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠪᠠᠷ᠎ᠠ ᠪᠣᠯᠤᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃      12 ᠰᠠᠷ᠎ᠠ ᠶᠢᠨ 3 ᠤ ᠡᠳᠦᠷ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠳᠠ ᠶᠢᠨ ᠮᠣᠩᠭᠤᠯ ᠦᠨᠳᠦᠰᠦᠲᠡᠨ ᠤ ᠰᠣᠷᠭᠠᠭᠤᠯᠢ᠂ ᠬᠠᠶᠢᠷᠣᠪ ᠤᠨ ᠲᠤᠬᠤᠢ ᠲᠤᠭᠤᠷᠢᠭ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠳᠠ ᠶᠢᠨ ᠠᠷᠪᠠᠨ ᠨᠠᠢᠮᠠᠳᠣᠭᠠᠷ ᠲᠤᠮᠳᠠᠲᠤ ᠰᠣᠷᠭᠠᠭᠤᠯᠢ ᠵᠡᠷᠭᠡ ᠭᠠᠵᠠᠷ ᠲᠤ ᠬᠦᠷᠴᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯᠤᠨ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠣᠯᠳᠠᠯᠭ᠎ᠠ ᠲᠠᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃      12 ᠰᠠᠷ᠎ᠠ ᠶᠢᠨ 4 ᠤ ᠡᠳᠦᠷ ᠬᠤᠷᠠᠯᠳᠤᠭᠰᠠᠨ ᠬᠠᠷᠢᠭᠤ ᠮᠡᠳᠡᠭᠦᠯᠦᠯᠲᠡ ᠶᠢᠨ ᠶᠠᠷᠢᠯᠴᠠᠬᠤ ᠬᠤᠷᠠᠯ ᠳᠡᠭᠡᠷ᠎ᠡ᠂ ᠵᠢᠶᠠ ᠴᠢᠩ ᠳ᠋ᠦᠩ ᠮᠠᠨ ᠤ ᠬᠤᠲᠠ ᠶᠢᠨ 2020 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠣᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ ᠬᠢᠪᠡ᠃      ᠵᠢᠶᠠ ᠴᠢᠩ ᠳ᠋ᠦᠩ ᠬᠡᠯᠡᠭᠰᠡᠨ ᠨᠢ᠂ ᠡᠨᠡ ᠵᠢᠯ ᠠᠴᠠ ᠨᠠᠰᠢ᠂ ᠮᠠᠨ ᠤ ᠬᠤᠲᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠴᠢᠷᠮᠠᠶᠢᠨ ᠰᠡᠷᠭᠡᠶᠢᠯᠡᠨ ᠠᠷᠢᠯᠭᠠᠬᠤ ᠬᠡᠷᠡᠭᠳᠡᠢ᠃ ᠡᠭᠦᠨ ᠤ ᠬᠠᠮᠲᠤ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠳᠡᠢ᠃ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠤᠯᠠᠮᠵᠢᠯᠠᠨ ᠲᠠᠷᠬᠠᠭᠠᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠨ ᠤᠯᠠᠮ ᠨᠢᠭᠡ ᠠᠯᠬᠤᠮ ᠲᠡᠭᠡᠭᠰᠢᠯᠡᠬᠦᠯᠬᠦ ᠬᠡᠷᠡᠭᠳᠡᠢ᠃ ᠵᠠᠭᠤᠴᠢᠯᠠᠭᠤᠷ ᠤᠨ ᠠᠭᠤᠰᠤᠯᠴᠠᠯ᠂ ᠬᠡᠪᠯᠡᠯ ᠤᠨ ᠡᠷᠬᠡ ᠶᠢᠨ ᠺᠢᠨᠣ᠋ ᠪᠠ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠳᠡᠢ᠃ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠰᠠᠭᠤᠷᠢ ᠴᠢᠨᠠᠷᠲᠠᠶ ᠠᠵᠢᠯ ᠢᠶᠠᠨ ᠰᠠᠶᠢᠲᠤᠷ ᠬᠢᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠪᠴᠢᠯᠡᠨ ᠠᠬᠢᠭᠤᠯᠵᠤ᠂ ᠬᠤᠳᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠳᠡᠢ ᠬᠡᠵᠡᠢ᠃      ᠳᠠᠷᠠᠭ᠎ᠠ ᠨᠢ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠬᠤᠷᠠᠯ ᠳᠤ ᠣᠷᠣᠯᠴᠠᠭᠰᠠᠨ ᠬᠥᠮᠦᠰ ᠲᠤ ᠤᠨᠤᠯ ᠤᠨ ᠰᠢᠯᠭᠠᠯᠲᠠ ᠬᠢᠭᠰᠡᠨ ᠪᠥᠭᠡᠳ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠤᠳᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠤᠯᠪᠤᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠪᠠ᠃      ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠣᠯᠳᠠᠯᠭ᠎ᠠ ᠲᠠᠢ ᠠᠵᠢᠯ ᠢ ᠭᠦᠢᠴᠡᠳ ᠨᠤᠲᠠᠯᠠᠭᠰᠠᠨ ᠤ ᠬᠠᠮᠲᠤ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠥᠬᠦᠷᠡᠰᠢ ᠦᠭᠡᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ ᠭᠡᠵᠦ ᠱᠠᠭᠠᠷᠳᠠᠪᠠ᠃ ᠰᠤᠷᠤᠯᠴᠠᠯᠭ᠎ᠠ ᠪᠣᠯᠪᠠᠰᠤᠷᠠᠭᠤᠯᠤᠯ᠂ ᠤᠬᠠᠭᠤᠯᠤᠨ ᠲᠠᠶᠢᠯᠪᠤᠷᠢᠯᠠᠬᠤ ᠪᠠ ᠰᠤᠳᠤᠯᠤᠨ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡᠳᠦᠯᠲᠡᠶ ᠲᠦᠯᠦᠪᠯᠡᠨ ᠵᠣᠬᠢᠴᠠᠭᠤᠯᠬᠤ ᠲᠣᠭᠲᠠᠴᠠ ᠪᠠᠨ ᠪᠠᠶᠢᠭᠤᠯᠤᠨ ᠪᠦᠷᠢᠨᠰᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠤᠯᠳᠠᠯᠭ᠎ᠠ ᠲᠠᠢ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠬᠦᠯᠬᠦ ᠶᠢ ᠠᠬᠢᠭᠤᠯᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号