ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ ᠤ ᠠᠯᠪᠠᠨ ᠬᠡᠷ ᠤᠨ 2020 ᠣᠨ ᠤ ᠬᠤᠶᠠᠳᠤᠭᠠᠷ ᠣᠳᠠᠭᠠᠨ ᠤ ᠬᠤᠷᠠᠯ ᠬᠤᠷᠠᠯᠳᠤᠪᠠ  ᠴᠢ ᠹᠸᠢ ᠶᠦᠨ ᠬᠤᠷᠠᠯ ᠡᠷᠬᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/12/9
     12 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠲᠠ  ᠪᠠᠨ ᠵᠠᠰᠠᠬᠤ ᠬᠤᠷᠢᠶᠠᠨ ᠤ ᠠᠯᠪᠠᠨ ᠭᠡᠷ 2020 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠣᠭᠤᠯᠵᠣ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ  ᠤ ᠡᠯ᠎ᠡ ᠵᠣᠬᠢᠴᠠᠭᠤᠯᠬᠤ ᠳᠤᠭᠤᠶᠢᠯᠠᠩ ᠪᠣᠯᠤᠨ ᠭᠤᠷᠪᠠᠨ ᠲᠣᠭᠤᠷᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠢ ᠿᠦᠩ᠂ ᠬᠤᠲᠠ ᠶᠢᠨ ᠳᠡᠳ᠋ ᠳᠠᠷᠤᠭ᠎ᠠ ᠮᠢᠩ ᠶᠢᠦ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠬᠠᠭᠤᠯᠤᠨ ᠲᠤᠤᠱᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠣᠷᠣᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠨᠡᠨ ᠬᠦ ᠰᠤᠷᠤᠯᠴᠠᠨ ᠦᠢᠯᠡᠳᠦᠯᠭᠡᠵᠢᠭᠦᠯᠬᠦ ᠬᠤᠰᠢᠭᠤᠴᠢ ᠪᠣᠯᠵᠤ᠂ ︽ᠬᠤᠰᠢᠭᠤᠴᠢ ᠪᠣᠯᠬᠤ᠂ ᠲᠤᠯᠤᠭᠠᠶᠢᠯᠠᠭᠴᠢ ᠪᠣᠯᠬᠤ︾ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠶᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠬᠤᠲᠠ ᠳᠤ ᠲᠡᠷᠡ ᠶᠣᠰᠣᠭᠠᠷ ᠨᠢ ᠲᠤᠤᠱᠯᠠᠭᠤᠯᠤᠨ  ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠬᠤᠲᠠ ᠪᠠᠨ ᠵᠠᠰᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠢᠮᠪᠠᠶ ᠲᠥᠯᠥᠪᠯᠡᠵᠦ᠂ ᠬᠠᠤᠯᠢ ᠲᠣᠭᠲᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠳᠦᠷᠢᠮᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ  ᠢ ᠪᠦᠷᠢᠨ ᠪᠣᠯᠭᠠᠨ ᠲᠡᠬᠦᠯᠳᠡᠷᠵᠢᠬᠦᠯᠵᠦ᠂ ᠵᠢᠭᠤᠷᠠᠯᠳᠤᠭᠠᠨ ᠢ ᠬᠠᠤᠯᠢ ᠶᠣᠰᠣᠭᠠᠷ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠡᠯ᠎ᠡ ᠵᠦᠢᠯ ᠤᠨ ᠠᠵᠢᠯ ᠤᠨ ᠦᠷᠨᠢᠯᠳᠡ ᠶᠢ ᠠᠬᠢᠭᠤᠯᠬᠤ ᠬᠡᠷᠡᠭᠳᠡᠢ᠃ ᠬᠠᠤᠯᠢ ᠪᠠᠷ ᠬᠤᠲᠠ ᠪᠠᠨ ᠵᠠᠰᠠᠬᠤ ᠠᠯᠪᠠᠨ ᠭᠡᠷ᠂ ᠵᠣᠬᠢᠴᠠᠭᠤᠯᠬᠤ ᠳᠤᠭᠤᠶᠢᠯᠠᠩ᠂ ᠪᠦᠷᠢᠯᠳᠦᠬᠦᠨ ᠨᠢᠭᠡᠴᠡ ᠣᠳᠣᠷᠢᠳᠣᠯᠭ᠎ᠠ ᠪᠠᠨ ᠴᠢᠩᠭᠠᠳᠬᠠᠵᠤ᠂ ᠠᠵᠢᠯ ᠤᠨ ᠡᠭᠦᠷᠭᠡ ᠶᠣᠰᠣᠭᠠᠷ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠳᠡᠢ ᠬᠡᠵᠡᠢ᠃      ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠡᠯ᠎ᠡ ᠵᠣᠬᠢᠴᠠᠭᠤᠯᠬᠤ ᠳᠤᠭᠤᠶᠢᠯᠠᠩ ᠪᠠ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠪᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号