ᠦᠬᠠᠶ ᠬᠤᠲᠠ ᠶᠢᠨ ᠬᠤᠪᠸᠢ ᠶᠢ ᠲᠤᠰᠠᠯᠠᠵᠦ ᠬᠢᠵᠢᠭ ᠢ ᠡᠰᠡᠷᠭᠦᠴᠡᠬᠦ ᠡᠮᠴᠢᠯᠡᠭᠡᠨ ᠤ ᠠᠩᠭᠢ ᠠᠶᠠᠨ ᠳᠤ ᠮᠤᠷᠳᠠᠪᠠ  ᠱᠢ ᠸᠠᠨ ᠵᠢᠶᠦ᠋ᠨ ᠳᠠᠩ ᠢ ᠡᠮᠴᠢᠯᠡᠭᠡᠨ ᠤ ᠠᠩᠭᠢ ᠶᠢ ᠦᠳᠡᠨ ᠮᠣᠷᠳᠠᠭᠤᠯᠪᠠ
ᠨᠡᠶᠢᠲᠡᠯᠡᠭᠰᠡᠨ ᠴᠠᠭ᠄
2020-02-17
     2 ᠰᠠᠷ᠎ᠠ ᠶᠢᠨ 15 ᠤ ᠦᠳᠡ ᠶᠢᠨ ᠡᠮᠦᠨ᠎ᠡ᠂ ᠮᠠᠨ ᠤ ᠬᠤᠲᠠ ᠶᠢᠨ ᠠᠩᠬᠠᠳᠠᠭᠴᠢ ᠪᠦᠯᠦᠭ 13 ᠡᠮᠴᠢ ᠰᠤᠪᠢᠯᠠᠭᠴᠢ ᠪᠠᠷ ᠪᠦᠷᠢᠯᠳᠦᠭᠰᠡᠨ ᠬᠤᠪᠧᠶ ᠶᠢ ᠲᠤᠰᠠᠯᠠᠵᠤ ᠬᠢᠵᠢᠭ ᠢ ᠡᠰᠡᠷᠭᠦᠴᠡᠬᠦ ᠡᠮᠴᠢᠯᠡᠭᠡᠨ ᠤ ᠠᠩᠭᠢ ᠠᠶᠠᠨ ᠳᠤ ᠮᠣᠷᠳᠠᠵᠤ᠂ ᠬᠤᠪᠧᠶ ᠮᠤᠵᠢ ᠶᠢᠨ ᠵᠢᠩᠮᠧᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠲᠡᠨ ᠢ ᠠᠪᠤᠷᠠᠨ ᠵᠠᠰᠠᠬᠤ ᠠᠵᠢᠯ ᠳᠤ ᠲᠤᠰᠠᠯᠠᠬᠤ ᠪᠤᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠮᠣᠷᠳᠠᠬᠤ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳᠠᠩ ᠢ ᠮᠣᠷᠳᠠᠬᠤ ᠶᠣᠰᠣᠯᠠᠯ ᠢ ᠡᠷᠭᠢᠯᠡᠪᠡ᠃ ᠬᠤᠳᠠ ᠶᠢᠨ ᠤᠳᠤᠷᠢᠳᠤᠯᠭ᠎ᠠ ᠵᠢᠢ ᠰᠢᠶᠤᠤ ᠴᠢᠩ᠂ ᠰᠦ᠋ ᠵᠦᠩ ᠱᠧᠩ᠂ ᠹᠧᠩ ᠰᠢᠤᠸᠠᠢ ᠲᠤᠤ᠂ ᠡᠤ ᠶᠧ ᠸᠧᠨ ᠮᠣᠷᠳᠠᠬᠤ ᠶᠣᠰᠣᠯᠠᠯ ᠳᠤ ᠣᠷᠣᠯᠴᠠᠪᠠ᠃

     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠣᠴᠢᠬᠤ ᠭᠡᠵᠦ ᠪᠠᠶᠢᠭ᠎ᠠ ᠡᠮᠴᠢᠯᠡᠭᠡᠨ ᠤ

ᠠᠩᠭᠢ ᠶᠢᠨ ᠭᠡᠰᠢᠭᠦᠳ ᠤᠨ ᠡᠮᠦᠨ᠎ᠡ᠂ ᠱᠢ ᠸᠠᠨ ᠵᠢᠶᠦ᠋ᠨ ᠭᠦᠨ ᠰᠡᠳᠬᠢᠯᠭᠡ ᠲᠠᠢ ᠪᠠᠷ ᠲᠠᠶᠢᠴᠢᠯᠠᠯᠳᠠ ᠬᠢᠭᠰᠡᠨ

ᠪᠥᠭᠡᠳ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠡᠮᠴᠢᠯᠡᠭᠡᠨ ᠤ

ᠠᠩᠭᠢ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ

ᠬᠡᠯᠡᠭᠰᠡᠨ ᠨᠢ᠂ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠠᠵᠢᠯ ᠬᠠᠮᠤᠭ ᠤᠨ ᠬᠦᠴᠢᠷᠲᠡᠶ ᠵᠠᠩᠭᠢᠯᠠᠭ᠎ᠠ ᠶᠢᠨ ᠱᠠᠲᠤᠨ ᠳᠤ ᠬᠦᠷᠴᠡᠶ᠃ ᠡᠨᠡ ᠬᠦ ᠣᠨᠴᠠᠭᠠᠢ ᠴᠠᠭ

ᠦᠶ᠎ᠡ ᠳᠤ᠂ ᠮᠠᠨ ᠤ ᠬᠤᠲᠠ ᠶᠢᠨ ᠥᠷᠭᠡᠨ ᠣᠯᠠᠨ ᠡᠮᠴᠢ ᠰᠤᠪᠢᠯᠠᠭᠴᠢᠳ ᠶᠡᠷᠦᠩᠬᠡᠢ ᠱᠦᠵᠢ ᠰᠢ ᠶᠢᠨ ᠫᠢᠩ ᠤᠨ

ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠲᠤᠯᠭ᠎ᠠ

ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂

ᠰᠠᠨᠠᠭᠠᠴᠢᠯᠠᠭ᠎ᠠ ᠠᠴᠠ ᠪᠠᠨ ᠡᠮᠦᠨᠡᠰᠢ ᠮᠣᠷᠳᠠᠵᠤ ᠬᠤᠪᠧᠢ ᠳᠤ ᠬᠦᠷᠴᠦ ᠲᠤᠰᠠᠯᠠᠬᠤ ᠪᠠᠷ ᠭᠤᠶᠤᠴᠢᠯᠠᠨ᠂ ᠮᠠᠨ ᠤ

ᠬᠤᠲᠠ ᠶᠢᠨ ᠡᠮᠴᠢ ᠰᠤᠪᠢᠯᠠᠭᠴᠢ ᠶᠢᠨ ᠡᠷᠬᠢᠮ ᠲᠡᠭᠡᠲᠤ ᠠᠵᠢᠯ ᠮᠡᠷᠭᠡᠵᠢᠯ ᠤᠨ ᠶᠣᠰᠣ ᠮᠣᠷᠠᠯ ᠪᠠ ᠠᠵᠢᠯ

ᠮᠡᠷᠭᠡᠵᠢᠯ ᠤᠨ ᠬᠡᠪ ᠪᠣᠯᠪᠠᠰᠤᠷᠠᠯ ᠢ ᠭᠦᠢᠴᠡᠳ ᠬᠠᠷᠠᠭᠤᠯᠵᠤ᠂ ᠭᠤᠶᠠᠴᠢ ᠦᠭᠡᠢ᠂ ᠵᠣᠷᠢᠭᠲᠠᠢ ᠪᠠᠷ ᠬᠠᠷᠢᠭᠤᠴᠠᠯᠭ᠎ᠠ

ᠡᠭᠦᠷᠭᠡᠯᠡᠬᠦ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠠ  ᠨᠢᠭᠡ ᠲᠠᠯ᠎ᠠ ᠨᠢ ᠬᠦᠴᠢᠷᠳᠡᠪᠡᠯ ᠨᠡᠶᠢᠳᠡ

ᠣᠯᠠᠨ ᠢᠶᠠᠷ ᠢᠶᠠᠨ ᠲᠤᠰᠠᠯᠠᠬᠤ ᠬᠠᠷᠢᠯᠴᠠᠨ ᠬᠠᠪᠰᠤᠷᠤᠯᠴᠠᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠡᠢ ᠬᠡᠵᠡᠢ᠃

     ᠱᠢ ᠸᠠᠨ ᠵᠢᠶᠦ᠋ᠨ ᠢᠯᠡᠷᠭᠡᠶᠢᠯᠡᠭᠰᠡᠨ ᠨᠢ᠂ ᠮᠠᠨ ᠤ ᠬᠤᠲᠠ ᠶᠢᠨ ᠬᠤᠪᠸᠢ ᠶᠢ ᠲᠤᠰᠠᠯᠠᠵᠦ ᠬᠢᠵᠢᠭ ᠢ

ᠡᠰᠡᠷᠭᠦᠴᠡᠬᠦ ᠡᠮᠴᠢᠯᠡᠭᠡᠨ ᠤ ᠠᠩᠭᠢ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ

ᠤᠳᠤᠷᠢᠳᠬᠤ ᠪᠠᠶᠢᠭᠤᠯᠤᠮᠵᠢ ᠶᠢᠨ ᠵᠢᠯᠣᠭᠤᠳᠬᠤ ᠲᠣᠭᠲᠠᠴᠠ ᠶᠢᠨ ᠨᠢᠭᠡᠳᠦᠯᠲᠡᠶ ᠤᠳᠤᠷᠢᠳᠤᠯᠭ᠎ᠠ ᠶᠢ ᠪᠦᠷᠢᠮᠦᠰᠦᠨ

ᠳᠠᠭᠠᠵᠤ᠂ ᠦᠷᠭᠦᠯᠵᠢᠯᠡᠨ ᠪᠠᠶᠢᠯᠳᠤᠬᠤ ᠲᠡᠮᠡᠴᠡᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠡᠭᠦᠷᠭᠡ

ᠲᠤᠰᠢᠶᠠᠯ ᠢᠶᠠᠨ ᠬᠢᠴᠢᠶᠡᠩᠭᠦ᠋ᠢᠯᠡᠨ ᠬᠦᠢᠴᠡᠳᠬᠡᠵᠦ᠂ ᠬᠠᠷᠠᠮ ᠥᠬᠡᠶ ᠪᠠᠷ ᠵᠣᠷᠢᠭᠤᠯᠵᠤ᠂ ᠡᠯ᠎ᠡ ᠵᠦᠢᠯ ᠤᠨ

ᠠᠵᠢᠯ ᠢᠶᠠᠨ ᠦᠨᠡᠨ ᠬᠦ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠦᠬᠠᠶ ᠶᠢᠨ ᠡᠮᠨᠡᠯᠭᠡ ᠶᠢᠨ ᠠᠵᠢᠯᠲᠠᠨ ᠤ

ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠨᠠᠮ ᠪᠠ ᠠᠷᠠᠳ ᠲᠦᠮᠡᠨ ᠠᠴᠠ

ᠣᠯᠭᠤᠭᠰᠠᠨ ᠢᠷᠠᠭᠤ ᠠᠯᠳᠠᠷᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ᠃

ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠪᠥᠬᠦ ᠬᠤᠲᠠ ᠶᠢᠨ ᠠᠷᠠᠳ ᠲᠦᠮᠡᠨ

ᠪᠣᠯ ᠡᠮ ᠡᠮᠨᠡᠯᠭᠡ ᠶᠢᠨ ᠠᠩᠭᠢ ᠶᠢᠨ ᠪᠥᠬᠦ ᠲᠠᠯ᠎ᠠ ᠶᠢᠨ ᠪᠠᠲᠤ ᠴᠢᠩᠭ᠎ᠠ ᠥᠮᠥᠭ ᠲᠦᠰᠢᠭ ᠮᠥᠨ᠂ ᠴᠢᠳᠠᠯ ᠤᠨ

ᠬᠢᠷᠢ ᠪᠠᠷ ᠢᠶᠠᠨ ᠣᠯᠠᠨ ᠳᠤ ᠳᠡᠮᠵᠢᠯᠭᠡ ᠪᠠᠲᠤᠯᠠᠭ᠎ᠠ ᠬᠠᠩᠭᠠᠵᠤ᠂ ᠬᠤᠶᠢᠰᠢᠳᠠ ᠶᠢᠨ ᠵᠣᠪᠠᠨᠢᠯ ᠢ ᠠᠷᠢᠯᠭᠠᠵᠤ᠂

ᠡᠮᠴᠢᠯᠡᠭᠡᠨ ᠤ ᠠᠩᠭᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠡᠳᠬᠢᠯ ᠰᠢᠭᠤᠳᠤᠨ

ᠣᠷᠣᠯᠴᠠᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃ ᠱᠢ ᠸᠠᠨ ᠵᠢᠶᠦ᠋ᠨ ᠠᠴᠠ ᠣᠯᠠᠨ ᠳᠤ᠂ ᠡᠪᠡᠳᠴᠢᠲᠡᠨ ᠢ

ᠪᠥᠬᠦ ᠬᠦᠴᠦᠨ ᠢᠶᠠᠷ ᠢᠶᠠᠨ ᠡᠮᠨᠡᠨ ᠠᠪᠤᠷᠠᠬᠤ ᠶᠢᠨ ᠬᠠᠮᠲᠤ᠂ ᠬᠠᠷᠢᠯᠴᠠᠨ ᠬᠠᠯᠠᠮᠵᠢᠯᠠᠵᠤ᠂ ᠲᠣᠰ ᠪᠡᠶ᠎ᠡ ᠶᠢᠨ

ᠬᠠᠮᠠᠭᠠᠯᠠᠯᠲᠠ ᠪᠠᠨ ᠴᠢᠩᠭ᠎ᠠ ᠰᠠᠶᠢᠲᠤᠷ ᠬᠢᠵᠦ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠵᠤ᠂ ᠡᠷᠲᠡᠬᠡᠨ

ᠠᠮᠤᠷ ᠲᠦᠪᠰᠢᠨ ᠪᠤᠴᠠᠵᠤ ᠢᠷᠡᠬᠦ ᠬᠡᠷᠡᠭᠳᠡᠢ ᠭᠡᠵᠦ ᠵᠠᠬᠢᠪᠠ᠃

   

     ᠲᠡᠶᠢᠠ ᠳᠤ ᠮᠣᠷᠳᠠᠬᠤ ᠶᠣᠰᠣᠯᠠᠯ ᠳᠡᠭᠡᠷ᠎ᠡ ᠨᠠᠮ ᠳᠤ ᠣᠷᠣᠬᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃

ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠡᠮᠴᠢᠯᠡᠭᠡᠨ ᠤ

ᠠᠩᠬᠢ ᠳᠤ ᠲᠤᠭ ᠣᠯᠭᠤᠪᠠ︔ ᠡᠮᠴᠢᠯᠡᠭᠡᠨ ᠤ ᠠᠩᠭᠢ ᠶᠢᠨ ᠳᠠᠷᠤᠭ᠎ᠠ᠂ ᠬᠤᠲᠠ ᠶᠢᠨ ᠠᠷᠠᠳ ᠤᠨ ᠡᠮᠨᠡᠯᠭᠡ ᠶᠢᠨ

ᠬᠤᠷᠢᠶᠠᠨ ᠤ ᠳᠣᠲᠣᠭᠠᠳᠤ ᠲᠣᠯᠢ ᠶᠢᠨ ᠲᠥᠪ ᠤᠨ ᠰᠤᠪᠢᠯᠠᠭᠴᠢ ᠶᠢᠨ ᠳᠠᠷᠤᠭ᠎ᠠ ᠪᠢ ᠰᠢᠶᠣᠤ ᠪᠥᠸᠧ ᠡᠮᠴᠢᠯᠡᠭᠡᠨ ᠤ

ᠠᠩᠭᠢ ᠶᠢ ᠲᠥᠯᠥᠭᠡᠯᠡᠨ ᠣᠪᠣᠷ ᠢᠶᠠᠨ ᠢᠯᠡᠳᠬᠡᠬᠦ ᠦᠭᠡ ᠬᠡᠯᠡᠪᠡ᠃

    

     ᠣᠶᠢᠯᠠᠭᠠᠭᠰᠠᠨ ᠢᠶᠠᠷ᠂ ᠲᠣᠰ ᠤᠳᠠᠭ᠎ᠠ ᠮᠠᠨ ᠤ ᠬᠤᠲᠠ ᠶᠢᠨ ᠬᠤᠪᠸᠢ ᠶᠢ ᠲᠤᠰᠠᠯᠠᠵᠤ ᠬᠢᠵᠢᠭ ᠢ ᠡᠰᠡᠷᠭᠦᠴᠡᠬᠦ

ᠡᠮᠴᠢᠯᠡᠭᠡᠨ ᠤ ᠠᠩᠭᠢ ᠶᠢᠨ 13 ᠡᠮᠴᠢ ᠰᠤᠪᠢᠯᠠᠭᠴᠢᠳ ᠴᠥᠮ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂

ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠠᠴᠠ ᠢᠷᠡᠭᠰᠡᠨ ᠪᠠᠶᠢᠨ᠎ᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号