ᠦᠬᠠᠶ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ | | 8 ᠳ᠋ᠤᠭᠠᠷ ᠲᠣᠭᠠᠲᠤ | | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠤ᠂ ᠪᠥᠬᠦ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠳ᠋ᠢᠶᠠᠩᠬᠤᠸᠠ᠂ | ᠸᠢᠴᠠᠲ᠂ ᠰᠦᠯᠵᠢᠶᠡᠨ ᠥᠷᠲᠡᠭᠡ᠂ ᠭᠠᠷ ᠤᠲᠠᠰᠤᠨ ᠤ APP ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ | ᠳᠠᠭᠠᠳᠬᠠᠯ ᠳᠤ ᠣᠷᠣᠯᠴᠠᠭᠰᠠᠳ ᠤᠨ ᠣᠨᠳᠣᠤ ᠭᠠᠵᠠᠷ ᠲᠤ ᠡᠮᠴᠢᠯᠡᠬᠦᠯᠬᠦ ᠳᠡᠩᠰᠡᠯᠡᠯᠲᠡ ᠶᠢ ᠬᠦᠢᠴᠡᠳᠭᠡᠬᠦ ᠳᠤ | ᠲᠥᠬᠦᠮ ᠦᠵᠡᠭᠦᠯᠵᠦ᠂ ᠴᠤᠩᠬᠤᠪᠴᠢ ᠶᠢᠨ ᠲᠤᠬᠠᠶᠢᠯᠠᠭᠰᠠᠨ ᠠᠵᠢᠯ ᠢ ᠬᠦᠢᠴᠡᠳᠬᠡᠬᠦ ᠶᠢ ᠪᠦᠲᠦᠮᠵᠢᠲᠡᠶ ᠪᠠᠭᠠᠰᠬᠠᠵᠤ | ᠂ ᠬᠥᠮᠦᠰ ᠴᠤᠭᠯᠠᠷᠠᠬᠤ ᠰᠢᠯᠵᠢᠬᠦ ᠠᠴᠠ ᠪᠤᠯᠤᠭᠰᠠᠨ ᠬᠠᠯᠳᠠᠪᠤᠷᠢᠯᠠᠯ ᠤᠨ ᠲᠦᠭᠰᠢᠭᠦᠷᠢ ᠶᠢ ᠪᠣᠶ ᠪᠣᠯᠭᠠᠬᠤ ᠠᠴᠠ | ᠵᠠᠶᠢᠯᠠᠰᠬᠢᠵᠦ᠂ ᠠᠷᠠᠳ ᠣᠯᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠷ ᠪᠤᠢ ᠃ | ᠡᠳᠦᠭᠡ ᠬᠤᠯᠪᠣᠭᠳᠠᠯ ᠪᠥᠬᠦᠶ ᠰᠢᠢᠳᠪᠦᠷᠢᠯᠡᠬᠦ ᠠᠷᠭ᠎ᠠ ᠮᠠᠶ᠋ᠢᠭ ᠢ ᠳᠣᠤᠷᠠᠬᠢ ᠮᠡᠲᠦ ᠵᠠᠷᠯᠠᠪᠠ᠄ | ᠨᠢᠭᠡ᠂ ᠳ᠋ᠢᠶᠠᠩᠬᠤᠸᠠ ᠪᠠᠷ ᠳᠠᠩᠰᠠᠯᠠᠭᠤᠯᠬᠤ | ᠬᠤᠲᠠ ᠶᠢᠨ ᠲᠣᠰ ᠱᠠᠲᠤ᠄ 0473 — 2023180 | ᠬᠠᠶᠢᠷᠤᠪ ᠤᠨ ᠲᠣᠬᠤᠢ ᠲᠣᠭᠤᠷᠢᠭ᠄ 0473 — 3890108 | ᠤᠳᠠ ᠲᠣᠭᠤᠷᠢᠭ᠄ 0473 — 3666038 ᠲᠡᠯᠡᠶ ᠶᠢᠨ ᠡᠮᠦᠨ᠎ᠡ ᠲᠣᠭᠤᠷᠢᠭ᠄ 0473 — | 4991358 | ᠬᠤᠲᠠ ᠶᠢᠨ ᠠᠷᠠᠳ ᠤᠨ ᠲᠦᠪ ᠤᠨ ᠬᠠᠯᠠᠮᠰᠢᠯ ᠤᠲᠠᠰᠤ᠄ 0473 — 12345 | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠦᠢᠯᠡᠴᠢᠯᠡᠭᠡᠨ ᠤ | ᠬᠠᠯᠠᠮᠰᠢᠯ ᠤᠲᠠᠰᠤ᠄ 12333 | ᠬᠤᠶᠠᠷ᠂ ᠸᠢᠴᠠᠲ ᠢᠶᠠᠷ ᠳᠠᠩᠰᠠᠯᠠᠭᠤᠯᠬᠤ | ᠬᠤᠲᠠ ᠶᠢᠨ ᠲᠣᠰ ᠱᠠᠲᠤᠨ ᠤ ᠸᠢᠴᠠᠲ ᠤᠨ ᠨᠤᠮᠧᠷ᠄ wh15647301233 | ᠬᠠᠶᠢᠷᠤᠪ ᠤᠨ ᠲᠣᠬᠤᠢ ᠲᠤᠭᠤᠷᠢᠭ ᠤᠨ ᠸᠢᠴᠠᠲ ᠤᠨ ᠨᠤᠮᠧᠷ᠄ hqyb18847380918 | ᠤᠳᠠ ᠲᠣᠭᠤᠷᠢᠭ ᠤᠨ ᠸᠢᠴᠠᠲ ᠤᠨ ᠨᠤᠮᠧᠷ᠄ 18247319959 | ᠬᠠᠶᠢᠨᠠᠨ ᠲᠣᠭᠤᠷᠢᠭ ᠤᠨ ᠸᠢᠴᠠᠲ ᠤᠨ ᠨᠤᠮᠧᠷ᠄ 15048331107 | ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠸᠢᠴᠠᠲ ᠤᠨ ᠨᠤᠮᠧᠷ ᠢᠶᠠᠷ ᠨᠠᠶᠢᠵᠠ ᠪᠤᠯᠵᠦ᠂ | ᠡᠪᠡᠳᠴᠢᠲᠡᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠡᠮᠨᠡᠭᠦᠯᠬᠦ ᠮᠤᠵᠢ ᠬᠤᠲᠠ᠂ ᠡᠮᠨᠡᠯᠭᠡ ᠳᠤ ᠤᠷᠤᠭᠰᠠᠨ ᠴᠠᠭ᠂ | ᠡᠮᠨᠡᠯᠭᠡ ᠰᠢᠯᠵᠢᠬᠦ ᠦᠨᠡᠮᠯᠡᠯ ᠪᠠᠶᠢᠬᠤ ᠡᠰᠡᠬᠦ ᠵᠡᠷᠭᠡ 4 ᠵᠦᠢᠯ ᠤᠨ ᠮᠡᠳᠡᠭᠡ ᠵᠠᠩᠭᠢ ᠶᠢ ᠬᠠᠩᠭᠠᠨ᠎ᠠ᠃ | ᠭᠤᠷᠪᠠ᠂ ᠰᠦᠯᠵᠢᠶᠡᠨ ᠳᠡᠭᠡᠷ᠎ᠡ ᠳᠠᠩᠰᠠᠯᠠᠭᠤᠯᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ ︵http://www.nmg12333.cn︶ ᠶᠢᠨ ︽ᠬᠤᠪᠢ | ᠬᠦᠮᠦᠨ ᠤ ᠦᠢᠯᠡᠴᠢᠯᠡᠭᠡ︾ ᠶᠢ ᠰᠣᠩᠭᠤᠵᠦ᠂ ︽ᠮᠢᠨᠦ ᠬᠦᠢᠴᠡᠳᠭᠡᠬᠦ ᠭᠠᠷᠴᠠᠭ︾ ᠤᠨ ︽ᠣᠨᠳᠣᠤ ᠭᠠᠵᠠᠷ ᠲᠤ | ᠡᠮᠴᠢᠯᠡᠬᠦᠯᠬᠦ ᠭᠤᠶᠤᠴᠢᠯᠠᠯ︾ ᠢ ᠲᠠᠷᠣᠵᠦ᠂ ᠰᠠᠨᠠᠭᠤᠯᠤᠮᠵᠢ ᠶᠢᠨ ᠮᠡᠳᠡᠭᠡ ᠵᠠᠩᠭᠢ ᠶᠣᠰᠣᠭᠠᠷ ᠲᠠᠭᠯᠠᠨ ᠮᠡᠳᠡᠭᠦᠯᠵᠦ | ᠲᠤᠰᠢᠶᠠᠨ᠎ᠠ᠃ | ᠳᠥᠷᠪᠡ᠂ ᠭᠠᠷ ᠤᠲᠠᠰᠤᠨ ᠤ APP ᠪᠠᠷ ᠲᠠᠩᠰᠠᠯᠠᠭᠤᠯᠬᠤ | ︽ᠥᠪᠥᠷ ᠮᠣᠩᠭᠤᠯ ᠤᠨ 12333︾ ᠭᠠᠷ ᠤᠲᠠᠰᠤᠨ ᠤ ᠬᠡᠷᠡᠭᠯᠡᠭᠴᠢ ᠶᠢᠨ ᠦᠵᠦᠬᠦᠷᠯᠢᠭ ᠢ ᠪᠠᠭᠤᠯᠭᠠᠵᠤ᠂ | ᠲᠠᠩᠰᠠᠯᠠᠭᠤᠯᠤᠭᠰᠠᠨ ᠤ ᠳᠠᠷᠠᠭ᠎ᠠ ︽ᠨᠡᠶᠢᠭᠡᠮ ᠤᠨ ᠳᠠᠭᠠᠳᠬᠠᠯ︾ ᠤᠨ ᠲᠣᠪᠶᠤᠭ ᠤᠨ ᠲᠤᠤᠷᠠᠭᠢ ︽ᠣᠨᠳᠣᠤ | ᠭᠠᠵᠠᠷ ᠲᠤ ᠡᠮᠨᠡᠭᠦᠯᠬᠦ︾ ᠶᠢ ᠳᠠᠷᠤᠵᠤ᠂ ᠰᠠᠨᠠᠭᠤᠯᠤᠮᠵᠢ ᠶᠢᠨ ᠮᠡᠳᠡᠭᠡ ᠵᠠᠩᠭᠢ ᠶᠣᠰᠣᠭᠠᠷ ᠲᠠᠭᠯᠠᠨ ᠮᠡᠳᠡᠭᠦᠯᠵᠦ | ᠲᠤᠰᠢᠶᠠᠨ᠎ᠠ᠃ | | ᠦᠬᠠᠶ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | | 2020 ᠣᠨ ᠤ 2 ᠰᠠᠷ᠎ᠠ ᠶᠢᠨ 3 ᠤ ᠡᠳᠦᠷ |