ᠮᠠᠨ ᠤ ᠬᠤᠲᠠ ᠬᠤᠶᠠᠳᠤᠭᠠᠷ ᠵᠢᠱᠢᠶ᠎ᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠰᠡᠵᠢᠭ ᠲᠠᠢ ᠡᠪᠡᠳᠴᠢᠳᠡᠨ ᠢ ᠤᠨᠤᠰᠢᠯᠠᠪᠠ
ᠨᠡᠶᠢᠲᠡᠯᠡᠭᠰᠡᠨ ᠴᠠᠭ᠄
2020-02-05
     2 ᠰᠠᠷ᠎ᠠ ᠶᠢᠨ 5 ᠤ ᠡᠳᠦᠷ ᠪᠣᠯᠲᠠᠯ᠎ᠠ᠂ ᠮᠠᠨ ᠤ ᠬᠤᠲᠠ ᠬᠤᠶᠠᠳᠤᠭᠠᠷ ᠵᠢᠱᠢᠶ᠎ᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠰᠡᠵᠢᠭ ᠲᠠᠢ ᠡᠪᠡᠳᠴᠢᠳᠡᠨ ᠢ ᠤᠨᠤᠰᠢᠯᠠᠪᠠ᠃      ᠡᠪᠡᠳᠴᠢᠲᠡᠨ ᠸᠠᠩ ᠣᠪᠣᠭᠲᠤ᠂ ᠡᠷᠡᠭᠲᠡᠢ᠂ 25 ᠨᠠᠰᠤᠲᠠᠢ᠃ 1 ᠰᠠᠷ᠎ᠠ ᠶᠢᠨ 18 ᠤ ᠡᠳᠦᠷ ᠾᠧᠨᠠᠨ ᠤ ᠵᠧᠩᠵᠧᠤ ᠠᠴᠠ ᠦᠬᠠᠶ ᠳᠤ ᠪᠤᠴᠠᠵᠤ ᠢᠷᠡᠪᠡ᠃ 2 ᠰᠠᠷ᠎ᠠ ᠶᠢᠨ 2 ᠤᠨ ᠡᠳᠦᠷ᠂ ᠲᠡᠭᠦᠨ ᠤ ᠡᠬᠡ ᠨᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠪᠤᠯᠬᠤᠷ᠂ ᠮᠥᠨ ᠡᠳᠦᠷ ᠲᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠲᠠᠰᠤᠭ ᠠᠴᠠ ᠨᠢᠭᠳᠠ ᠬᠦᠷᠦᠯᠴᠡᠭᠴᠢ ᠸᠠᠩ ᠣᠪᠣᠭᠲᠤ ᠳᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠠᠷᠭ᠎ᠠ ᠴᠢᠨᠠᠷᠲᠠᠶ᠂ ᠲᠣᠰ ᠡᠪᠡᠳᠴᠢᠲᠡᠨ ᠢ 2 ᠰᠠᠷ᠎ᠠ ᠶᠢᠨ 3 ᠤ ᠡᠳᠦᠷ ᠤᠨ ᠥᠷᠯᠥᠭᠡ ᠶᠢᠨ 2 ᠴᠠᠭ 0 ᠮᠢᠨᠦ᠋ᠲ ᠲᠤ 120 ᠰᠦᠭᠡᠷᠬᠦ ᠳᠠᠷᠤᠯᠲᠠᠲᠤ ᠲᠡᠷᠭᠡ ᠪᠠᠷ ᠠᠮᠤᠷ ᠲᠦᠪᠰᠢᠨ ᠢᠶᠠᠷ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠳᠤ ᠬᠦᠷᠭᠡᠵᠦ ᠲᠤᠰᠠᠭᠠᠷᠯᠠᠨ ᠵᠠᠰᠠᠭᠤᠯᠪᠠ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠦᠯ ︵ᠲᠤᠷᠰᠢᠨ ᠬᠡᠷᠡᠭᠵᠢᠭᠦᠯᠬᠦ ᠳᠥᠷᠪᠡᠳᠦᠭᠡᠷ ᠬᠡᠪᠯᠡᠯ︶ ᠶᠣᠰᠣᠭᠠᠷ᠂ ᠦᠬᠠᠶ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠡᠮᠨᠡᠨ ᠵᠠᠰᠠᠬᠤ ᠲᠤᠰᠬᠠᠶ ᠮᠡᠷᠭᠡᠵᠢᠯᠳᠡᠨ ᠤ ᠳᠤᠭᠤᠶᠢᠯᠠᠩ ᠢᠶᠠᠷ ᠬᠠᠮᠲᠤᠷᠠᠨ ᠣᠨᠣᠰᠢᠯᠠᠭᠤᠯᠵᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢᠶᠠᠷ ᠣᠨᠣᠰᠢᠯᠠᠪᠠ᠃      ᠲᠤᠬᠠᠶ ᠶᠢᠨ ᠭᠠᠵᠠᠷ ᠤᠨ ᠵᠠᠷᠴᠢᠮ ᠪᠠ ︽ᠳᠥᠷᠪᠡ ᠶᠢ ᠲᠥᠪᠯᠡᠷᠡᠭᠦᠯᠬᠦ︾ ᠱᠠᠭᠠᠷᠳᠠᠯᠭ᠎ᠠ ᠶᠣᠰᠣᠭᠠᠷ᠂ ᠣᠳᠣᠬᠠᠨ ᠳᠤ ᠡᠪᠡᠳᠴᠢᠲᠡᠨ ᠮᠠᠨ ᠤ ᠬᠤᠲᠠ ᠶᠢᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ — ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠭᠡ ᠬᠢᠵᠦ ᠪᠠᠶᠢᠨ᠎ᠠ᠃ 2 ᠰᠠᠷ᠎ᠠ ᠶᠢᠨ 5 ᠤ ᠡᠳᠦᠷ ᠤᠨ ᠥᠷᠯᠥᠭᠡ ᠡᠪᠡᠳᠴᠢᠲᠡᠨ ᠤ ᠪᠡᠶ᠎ᠡ ᠶᠢᠨ ᠳᠤᠯᠠᠭᠠᠨ ᠨᠢ 36.3 ᠭᠷᠠᠳᠦ᠋ᠰ ᠲᠤ ᠬᠦᠷᠴᠦ᠂ ᠠᠮᠢ ᠨᠠᠰᠤᠨ ᠤ ᠪᠡᠶ᠎ᠡ ᠶᠢᠨ ᠢᠯᠡᠷᠡᠯ ᠨᠢ ᠲᠣᠭᠲᠠᠭᠤᠨ ᠪᠠᠶᠢᠵᠤ᠂ ᠸᠢᠷᠦ᠋ᠰ ᠢ ᠡᠰᠡᠷᠭᠦᠴᠡᠬᠦ ᠵᠡᠷᠭᠡ ᠡᠪᠡᠳᠴᠢᠨ ᠳᠤᠨᠢ ᠲᠣᠬᠢᠷᠠᠭᠤᠯᠤᠨ ᠡᠮᠨᠡᠨ ᠵᠠᠰᠠᠪᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠠᠴᠠ ᠡᠪᠡᠳᠴᠢᠲᠡᠨ ᠢ ᠮᠥᠷᠳᠡᠨ ᠪᠠᠶᠢᠴᠠᠭᠠᠵᠤ᠂ ᠣᠳᠣᠬᠠᠨ ᠪᠣᠯᠲᠠᠯ᠎ᠠ 23 ᠬᠥᠮᠦᠨ ᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃      ᠡᠪᠡᠳᠴᠢᠲᠡᠨ ᠸᠠᠩ ᠣᠪᠣᠭᠲᠤ ᠪᠣᠯᠤᠨ ᠲᠡᠭᠦᠨ ᠤ ᠡᠴᠢᠭᠡ ᠡᠬᠡ ᠨᠢ 2020 ᠣᠨ ᠤ 1 ᠰᠠᠷ᠎ᠠ ᠶᠢᠨ 17 ᠤ ᠡᠳᠦᠷ ᠤᠨ 22᠄ 35 ᠴᠠᠭ ᠲᠤ ᠵᠧᠩᠵᠧᠤ ᠬᠤᠲᠠ ᠠᠴᠠ ᠳᠤᠮᠳᠠᠳᠤ ᠤᠯᠤᠰ ᠤᠨ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ CA8296 ᠡᠭᠡᠯᠵᠢ ᠶᠢᠨ ᠨᠢᠰᠬᠡᠯ ᠳᠤ ᠰᠠᠭᠤᠵᠤ᠂ 1 ᠰᠠᠷ᠎ᠠ ᠶᠢᠨ 18 ᠤ ᠡᠳᠦᠷ ᠤᠨ 0᠄ 15 ᠴᠠᠭ ᠲᠤ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠳᠤ ᠬᠦᠷᠴᠦ᠂ 11᠄ 03 ᠴᠠᠭ ᠲᠤ K1517 ᠳ᠋ᠤᠭᠠᠷ ᠭᠠᠯᠲᠤ ᠲᠡᠷᠭᠡᠨ ᠳᠤ ᠰᠠᠭᠤᠵᠤ ᠦᠬᠠᠶ ᠳᠤ ᠪᠤᠴᠠᠪᠠ᠃      ᠮᠠᠨ ᠤ ᠬᠤᠲᠠ ᠳᠤ ᠨᠢᠭᠡᠨᠲᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠣᠨᠣᠰᠢᠯᠠᠭᠰᠠᠨ ᠬᠤᠶᠠᠷ ᠡᠪᠡᠳᠴᠢᠨ ᠤ ᠵᠢᠱᠢᠶ᠎ᠡ ᠳᠤ ᠴᠢᠭᠯᠡᠭᠦᠯᠦᠨ᠂ ᠬᠤᠲᠠ ᠶᠢᠨ ᠡᠪᠡᠳᠴᠢᠨ ᠡᠮᠭᠡᠭ ᠢ ᠬᠢᠵᠠᠭᠠᠷᠯᠠᠬᠤ ᠰᠠᠯᠠᠭ᠎ᠠ ᠮᠥᠴᠢᠷ ᠠᠴᠠ ᠣᠶᠢᠷ᠎ᠠ ᠶᠢᠨ ᠬᠤᠭᠤᠴᠠᠭᠠᠨ ᠳᠤ ᠭᠠᠳᠠᠭᠰᠢ ᠭᠠᠷᠬᠤ  ᠪᠠᠨ ᠪᠠᠭᠠᠰᠬᠠᠨ᠂ ᠴᠤᠭᠯᠠᠭᠠᠨ ᠬᠢᠬᠦ᠂ ᠬᠠᠮᠲᠤ ᠬᠤᠭᠤᠯᠠᠯᠠᠬᠤ ᠵᠡᠷᠭᠡ ᠬᠠᠮᠲᠤᠯᠢᠭ ᠤᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠥᠬᠡᠶ ᠪᠠᠶᠢᠵᠤ᠂ ᠣᠶᠢᠷ᠎ᠠ ᠵᠠᠶ ᠠᠴᠠ ᠬᠠᠨᠢᠶᠠᠭᠰᠠᠨ᠂ ᠬᠠᠯᠠᠭᠤᠷᠠᠭᠰᠠᠨ ᠡᠪᠡᠳᠴᠢᠲᠡᠨ ᠲᠠᠢ ᠣᠶᠢᠷᠠᠳᠬᠤ ᠠᠴᠠ ᠵᠠᠶᠢᠯᠠᠰᠬᠢᠵᠦ᠂ ᠰᠢᠯᠦᠰᠦ ᠠᠴᠠ ᠳᠡᠯᠭᠡᠷᠡᠬᠦ ᠠᠴᠠ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠵᠠᠶ᠃ ᠭᠠᠳᠠᠭᠰᠢ ᠭᠠᠷᠬᠤ ᠳᠤ ᠪᠠᠷᠢᠮᠵᠢᠶ᠎ᠠ ᠶᠣᠰᠣᠭᠠᠷ ᠠᠮᠠᠪᠴᠢ ᠵᠡᠭᠦᠬᠦ ᠶᠢ ᠪᠠᠲᠤ ᠴᠡᠭᠡᠵᠢᠯᠡᠵᠦ᠂ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠳᠡᠢ᠃ ᠬᠡᠷᠪᠡ ᠭᠡᠷ ᠤᠨ ᠬᠥᠮᠦᠰ ᠨᠢ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ ᠲᠦᠷᠭᠡᠨ ᠴᠢᠨᠠᠷᠲᠠᠶ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠡᠬᠢᠨ ᠤ ᠦᠶ᠎ᠡ ᠶᠢᠨ ᠡᠪᠡᠳᠴᠢᠨ ᠤ ᠰᠢᠨᠵᠢ ᠢᠯᠡᠷᠡᠪᠡᠯ᠂ ᠴᠠᠭ ᠲᠤᠬᠠᠶ ᠳᠤᠨᠢ ᠵᠢᠩᠬᠢᠨᠢ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠬᠦ ᠬᠡᠷᠡᠭᠲᠡᠶ᠂ ᠲᠤᠷᠰᠢᠯᠭ᠎ᠠ ᠪᠠᠷ ᠢᠶᠠᠨ ᠲᠤᠷ᠎ᠠ ᠪᠠᠷ ᠢᠶᠠᠨ ᠡᠮ ᠬᠡᠷᠡᠭᠯᠡᠵᠦ ᠪᠣᠯᠬᠤ ᠦᠭᠡᠢ ᠪᠥᠭᠡᠳ ᠡᠮᠨᠡᠯᠭᠡ ᠶᠢᠨ ᠠᠵᠢᠯᠲᠠᠨ ᠳᠤ ᠣᠶᠢᠷ᠎ᠠ ᠬᠤᠭᠤᠴᠠᠭᠠᠨ ᠤ ᠬᠦᠷᠦᠯᠴᠡᠭᠰᠡᠨ ᠬᠥᠮᠦᠰ ᠤᠨ ᠪᠠᠶᠢᠳᠠᠯ ᠢᠶᠠᠨ ᠬᠡᠯᠡᠵᠦ ᠥᠭᠬᠦ ᠬᠡᠷᠡᠭᠲᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号