ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠬᠤ ᠡᠬᠢ ᠰᠤᠷᠪᠤᠯᠵᠢ ᠦᠬᠠᠶ ᠳᠤ ᠤᠷᠤᠬᠤ ᠶᠢ | ᠦᠨᠡᠨᠬᠦ ᠬᠤᠷᠢᠭᠯᠠᠵᠦ᠂ ᠣᠷᠣᠬᠤ ᠪᠣᠭᠤᠮᠲᠠ ᠶᠢ ᠴᠢᠩᠭ᠎ᠠ ᠠᠳᠬᠤᠬᠤ ᠶᠢᠨ ᠲᠥᠯᠥᠭᠡ᠂ ᠮᠠᠨ ᠤ ᠬᠤᠲᠠ ᠨᠢᠰᠬᠡᠯ ᠤᠨ | ᠪᠠᠭᠤᠳᠠᠯ᠂ ᠭᠠᠯᠲᠤ ᠲᠡᠷᠭᠡᠨ ᠥᠷᠲᠡᠭᠡ ᠵᠡᠷᠭᠡ ᠵᠠᠮ ᠬᠠᠷᠢᠯᠴᠠᠭᠠᠨ ᠤ ᠬᠦᠷᠢᠶᠡᠨ ᠳᠠᠬᠢ ᠬᠠᠮᠢᠶᠠᠷᠣᠯᠳᠠ ᠡᠵᠡᠮᠳᠡᠯ ᠢᠶᠠᠨ | ᠲᠠᠰᠤᠷᠠᠯᠲᠠ ᠥᠬᠡᠶ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ ᠪᠤᠢ᠃ | ᠦᠬᠠᠶ ᠶᠢᠨ ᠭᠠᠯᠲᠤ ᠲᠡᠷᠭᠡᠨ ᠥᠷᠲᠡᠭᠡ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠦᠯ | ᠲᠣᠭᠲᠠᠭᠠᠵᠤ᠂ ᠪᠢᠯᠧᠲ ᠬᠤᠳᠠᠯᠳᠤᠬᠤ ᠲᠢᠩᠬᠢᠮ᠂ ᠥᠷᠲᠡᠭᠡᠨ ᠳᠤ ᠣᠷᠣᠬᠤ ᠡᠭᠦᠳᠡ᠂ ᠲᠡᠷᠭᠡ ᠬᠦᠯᠢᠶᠡᠬᠦ ᠲᠠᠰᠤᠭ ᠢ | ᠪᠥᠬᠦ ᠲᠠᠯ᠎ᠠ ᠪᠠᠷ ᠠᠷᠢᠭᠤᠳᠬᠠᠬᠤ ᠶᠢ ᠭᠤᠤᠯᠳᠠᠯᠭ᠎ᠠ ᠲᠠᠢ ᠴᠢᠩᠭᠠᠳᠬᠠᠬᠤ ᠶᠢᠨ ᠬᠠᠮᠲᠤ ᠥᠷᠲᠡᠭᠡᠨ ᠠᠴᠠ ᠭᠠᠷᠬᠤ | ᠡᠭᠦᠳᠡᠨ ᠳᠤ ᠠᠵᠢᠭᠯᠠᠬᠤ ᠲᠠᠰᠤᠭ ᠪᠠ ᠪᠡᠶ᠎ᠡ ᠶᠢᠨ ᠳᠤᠯᠠᠭᠠᠨ ᠢ ᠬᠡᠮᠵᠢᠬᠦ ᠴᠡᠭ ᠭᠠᠷᠭᠠᠵᠤ᠂ 4 ᠡᠮᠴᠢ | ᠰᠤᠪᠢᠯᠠᠭᠴᠢ ᠠᠴᠠ ᠠᠶᠠᠨᠴᠢᠳ ᠤᠨ ᠪᠡᠶ᠎ᠡ ᠶᠢᠨ ᠳᠤᠯᠠᠭᠠᠨ ᠢ ᠡᠭᠡᠯᠵᠢᠯᠡᠨ ᠪᠠᠶᠢᠴᠠᠭᠠᠵᠤ᠂ 24 ᠴᠠᠭ ᠤᠨ ᠬᠢᠨᠠᠨ | ᠡᠵᠡᠮᠳᠡᠬᠦ ᠶᠢ ᠬᠡᠷᠡᠭᠵᠢᠭᠦᠯᠪᠡ᠃ | ᠦᠬᠠᠶ ᠶᠢᠨ ᠨᠢᠰᠬᠡᠯ ᠤᠨ ᠪᠠᠭᠤᠳᠠᠯ LED ᠳᠡᠯᠭᠡᠴᠡ ᠪᠠᠷ ᠳᠠᠮᠵᠢᠭᠤᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠮᠡᠳᠡᠯᠭᠡ ᠶᠢ ᠨᠡᠪᠲᠡᠷᠡᠭᠦᠯᠬᠦ ᠶᠢᠨ ᠬᠠᠮᠲᠤ ᠨᠢᠰᠬᠡᠯ ᠤᠨ ᠥᠷᠲᠡᠭᠡᠨ ᠤ ᠠᠰᠠᠷ ᠤᠨ | ᠠᠶᠠᠨᠴᠢᠳ ᠤᠨ ᠵᠠᠮ ᠵᠡᠷᠭᠡ ᠴᠢᠬᠤᠯᠠ ᠲᠠᠯᠠᠪᠤᠷ ᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠪᠠ︔ ᠠᠶᠠᠨᠴᠢᠳ | ᠤᠨ ᠲᠦᠷ ᠴᠠᠭ ᠤᠨ ᠲᠤᠰᠠᠭᠠᠷᠯᠠᠬᠤ ᠲᠠᠰᠤᠭ ᠭᠠᠷᠭᠠᠵᠤ᠂ ᠨᠢᠰᠭᠡᠯ ᠤᠨ ᠪᠠᠭᠤᠳᠠᠯ ᠣᠷᠣᠬᠤ ᠡᠭᠡᠯᠵᠢ ᠶᠢᠨ | ᠨᠢᠰᠬᠡᠯ ᠤᠨ ᠠᠵᠢᠯᠳᠠᠳ ᠲᠤ ᠪᠡᠶ᠎ᠡ ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠬᠢᠵᠦ᠂ ᠨᠢᠰᠬᠡᠯ ᠤᠨ ᠪᠠᠭᠤᠳᠠᠯ ᠤᠨ | ᠨᠢᠭᠡᠳᠦᠭᠡᠷ ᠹᠷᠣᠨᠲ ᠤᠨ ᠠᠵᠢᠯᠲᠠᠨ ᠤ ᠰᠡᠷᠭᠡᠶᠢᠯᠡᠯᠲᠡ ᠶᠢ ᠴᠢᠩᠭᠠᠳᠬᠠᠪᠠ᠃ | ᠦᠬᠠᠶ ᠶᠢᠨ ᠲᠡᠭᠡᠲᠤ ᠬᠤᠷᠲᠤᠴᠠᠲᠤ ᠵᠠᠰᠠᠮᠠᠯ ᠵᠠᠮ ᠳᠤ ᠲᠠᠩ ᠴᠢᠭᠯᠡᠯ ᠢᠶᠠᠷ ᠵᠠᠬᠢᠷᠤᠨ ᠬᠠᠮᠢᠶᠠᠷᠬᠤ ᠶᠢ | ᠬᠡᠷᠡᠭᠵᠢᠭᠦᠯᠵᠦ᠂ ᠦᠢᠯᠡᠴᠢᠯᠡᠭᠡᠨ ᠤ ᠲᠣᠭᠤᠷᠢᠭ ᠤᠨ ᠲᠠᠯᠠᠪᠤᠷ ᠭᠠᠵᠠᠷ ᠢ ᠲᠣᠭᠲᠠᠮᠠᠯ ᠬᠤᠭᠤᠴᠠᠭ᠎ᠠ ᠲᠠᠢ ᠪᠠᠷ | ᠠᠷᠢᠭᠤᠳᠬᠠᠪᠠ︔ ᠲᠡᠭᠡᠲᠤ ᠬᠤᠷᠳᠣᠴᠠᠳᠦ ᠵᠠᠰᠠᠮᠠᠯ ᠵᠠᠮ ᠤᠨ ᠭᠠᠷᠴᠠ ᠳᠤ ᠪᠤᠭᠤᠮᠳᠠ ᠲᠤᠬᠢᠷᠠᠭᠤᠯᠵᠤ ᠵᠢᠭᠰᠠᠭᠠᠨ | ᠪᠠᠶᠢᠴᠠᠭᠠᠵᠦ᠂ ᠮᠠᠨ ᠤ ᠬᠤᠲᠠ ᠳᠤ ᠣᠷᠣᠬᠤ ᠮᠠᠰᠢᠨ ᠲᠡᠷᠭᠡᠨ ᠤ ᠵᠢᠯᠤᠭᠤᠴᠢ ᠡᠷᠬᠡᠪᠰᠢ ᠪᠡᠶ᠎ᠡ ᠶᠢᠨ ᠳᠤᠯᠠᠭᠠᠨ ᠢᠶᠠᠨ | ᠬᠡᠮᠵᠢᠵᠦ᠂ ᠬᠢᠵᠢᠭ ᠤᠨ ᠪᠠᠶᠢᠳᠠᠯ ᠳᠤ ᠪᠠᠶᠢᠴᠠᠭᠠᠯᠳᠠ ᠬᠢᠬᠦ ᠳᠤ ︽ᠨᠢᠭᠡ ᠲᠡᠷᠭᠡ ᠴᠦ ᠣᠷᠬᠢᠭᠳᠠᠭᠤᠯᠬᠤ ᠥᠬᠡᠶ᠂ | ᠨᠢᠭᠡ ᠬᠥᠮᠦᠨ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨᠬᠦ ᠪᠠᠲᠤᠯᠠᠪᠠ᠃ |