ᠮᠠᠨ ᠤ ᠬᠤᠲᠠ ᠵᠢᠯᠣᠭᠤᠴᠢ ᠦᠭᠡᠢ ᠨᠢᠰᠬᠡᠯ ᠢᠶᠠᠷ ᠬᠠᠪᠤᠷ ᠤᠨ ᠤᠯᠠᠷᠢᠯ ᠤᠨ ᠬᠤᠯᠤᠭᠠᠨ᠎ᠠ ᠬᠢᠵᠢᠭ ᠤᠨ ᠵᠣᠷᠰᠢᠯ ᠤᠨ ᠬᠢᠨᠠᠨ ᠬᠡᠮᠵᠢᠬᠦ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2020-04-13
     4 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠣᠯᠤᠨ ᠬᠠᠶᠢᠨᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠪᠠᠶᠢᠳᠠᠯ ᠢ ᠪᠠᠶᠢᠴᠠᠭᠠᠬᠤ᠂ ᠲᠤᠷᠰᠢᠯᠲᠠ ᠶᠢᠨ ᠲᠠᠰᠤᠭ ᠢ ᠪᠠᠶᠢᠴᠠᠭᠠᠨ ᠰᠢᠯᠭᠠᠬᠤ ᠪᠠ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠵᠡᠷᠭᠡ ᠠᠵᠢᠯ ᠢ ᠥᠷᠨᠢᠭᠦᠯᠵᠦ᠂ ᠬᠢᠨᠠᠨ ᠬᠡᠮᠵᠢᠬᠦ ᠠᠵᠢᠯ ᠢ 6 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠭᠦᠯᠬᠦ ᠪᠣᠯᠤᠨ᠎ᠠ᠃ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠤᠳᠠᠯᠳᠤᠨ ᠠᠪᠤᠭᠰᠠᠨ ᠵᠢᠯᠣᠭᠤᠴᠢ ᠥᠬᠡᠶ ᠨᠢᠰᠬᠡᠯ ᠲᠣᠰ ᠤᠳᠠᠭᠠᠨ ᠤ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠶᠠᠪᠤᠴᠠ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ᠃      ᠬᠠᠶᠢᠨᠠᠨ ᠲᠣᠭᠤᠷᠢᠭ ᠤᠨ ᠪᠠᠶᠠᠨᠲᠣᠬᠤᠢ ᠪᠠᠯᠭᠠᠰᠤᠨ ᠤ ᠬᠤᠯᠤᠭᠠᠨ᠎ᠠ ᠬᠢᠵᠢᠭ ᠤᠨ ᠡᠭᠦᠰᠦᠯᠲᠡ ᠶᠢᠨ ᠭᠠᠵᠠᠷ ᠤᠨ ᠲᠠᠯᠠᠪᠠᠶ ᠨᠢ 450 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠣᠳᠣᠬᠠᠨ ᠳᠤ᠂ ᠵᠢᠯᠣᠭᠤᠴᠢ ᠥᠬᠡᠶ ᠨᠢᠰᠬᠡᠯ ᠤᠨ ᠪᠠᠶᠢᠴᠠᠭᠠᠵᠤ ᠳᠡᠶᠢᠯᠬᠦ ᠲᠠᠯᠠᠪᠠᠢ ᠨᠢ 300 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠦᠬᠦᠭᠰᠡᠨ ᠬᠤᠯᠤᠭᠠᠨ᠎ᠠ ᠪᠠ ᠦᠬᠦᠭᠰᠡᠨ ᠠᠮᠢᠲᠠᠨ ᠥᠬᠡᠶ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯᠲᠠᠨ ᠪᠠᠰᠠ ᠵᠢᠯᠣᠭᠤᠴᠢ ᠥᠬᠡᠶ ᠨᠢᠰᠬᠡᠯ ᠢ ᠠᠰᠢᠭᠯᠠᠨ ᠪᠠᠶᠠᠨᠲᠣᠬᠤᠶ ᠪᠠᠯᠭᠠᠰᠤᠨ ᠳᠤ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠤᠬᠠᠭᠤᠯᠭ᠎ᠠ ᠥᠷᠨᠢᠭᠦᠯᠪᠡ᠃      ᠡᠨᠡ ᠤᠳᠠᠭ᠎ᠠ ᠵᠢᠯᠣᠭᠤᠴᠢ ᠥᠬᠡᠶ ᠨᠢᠰᠬᠡᠯ ᠢ ᠠᠰᠢᠭᠯᠠᠨ ᠬᠤᠯᠤᠭᠠᠨ᠎ᠠ ᠬᠢᠵᠢᠭ ᠢ ᠪᠠᠶᠢᠴᠠᠭᠠᠬᠤ ᠵᠢᠴᠢ ᠤᠬᠠᠭᠤᠯᠬᠤ ᠠᠵᠢᠯ ᠨᠢ ᠮᠠᠨ ᠤ ᠬᠤᠲᠠ ᠳᠤ ᠠᠩᠬ᠎ᠠ ᠤᠳᠠᠭ᠎ᠠ ᠶᠠᠪᠤᠭᠳᠠᠵᠤ ᠪᠠᠶᠢᠨ᠎ᠠ᠃ ᠵᠢᠯᠣᠭᠤᠴᠢ ᠥᠬᠡᠶ ᠨᠢᠰᠬᠡᠯ ᠤᠨ ᠬᠡᠷᠡᠭᠯᠡᠯᠲᠡ ᠨᠢ ᠲᠡᠭᠦᠨ ᠤ ᠬᠤᠷᠳᠤᠴᠠ ᠲᠦᠷᠭᠡᠨ᠂ ᠬᠠᠷᠠᠭ᠎ᠠ ᠪᠦᠷᠢᠨ᠂ ᠪᠥᠷᠬᠦᠬᠦ ᠲᠠᠯ᠎ᠠ ᠥᠷᠭᠡᠨ ᠵᠡᠷᠭᠡ ᠳᠠᠪᠠᠭᠤᠯᠢᠭ ᠢ ᠪᠠᠳᠠᠷᠠᠭᠤᠯᠵᠤ ᠴᠢᠳᠠᠬᠤ ᠪᠠᠷ ᠪᠠᠷᠠᠬᠤ ᠥᠬᠡᠶ ᠪᠠᠰᠠ ᠮᠥᠷᠳᠡᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯᠲᠠᠨ ᠤ ᠲᠣᠰ ᠪᠡᠶ᠎ᠡ ᠶᠢᠨ ᠬᠠᠮᠠᠭᠠᠯᠠᠯᠲᠠ ᠳᠤ ᠴᠤ ᠮᠠᠰᠢ ᠰᠠᠶᠢᠨ ᠦᠢᠯᠡᠳᠦᠯ ᠦᠵᠡᠭᠦᠯᠦᠭᠰᠡᠨ ᠪᠠᠶᠢᠨ᠎ᠠ᠃      4 ᠠᠴᠠ 6 ᠳ᠋ᠤᠭᠠᠷ ᠰᠠᠷ᠎ᠠ ᠬᠦᠷᠲᠡᠯᠡᠬᠢ ᠬᠤᠯᠤᠭᠠᠨ᠎ᠠ ᠬᠢᠵᠢᠭ ᠤᠨ ᠵᠣᠷᠰᠢᠯ ᠤᠨ ᠬᠢᠨᠠᠨ ᠬᠡᠮᠵᠢᠯᠲᠡ ᠪᠣᠯᠤᠨ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠯᠲᠡ ᠬᠢᠬᠦ ᠪᠠᠷ ᠳᠠᠮᠵᠢᠭᠤᠯᠤᠨ᠂ ᠠᠮᠢᠲᠠᠨ ᠤ ᠬᠤᠭᠤᠷᠣᠨᠳᠣᠬᠢ ᠬᠤᠯᠤᠭᠠᠨ᠎ᠠ ᠬᠢᠵᠢᠭ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠰᠢᠰᠲ᠋ᠧᠮ ᠲᠠᠢ ᠪᠠᠷ ᠴᠤᠭᠯᠠᠭᠤᠯᠵᠤ᠂ ᠬᠤᠯᠤᠭᠠᠨ᠎ᠠ ᠶᠢᠨ ᠬᠤᠭᠤᠷᠣᠨᠳᠣᠬᠢ ᠬᠢᠵᠢᠭ ᠤᠨ ᠪᠠᠶᠢᠳᠠᠯ ᠢ ᠡᠷᠲᠡᠬᠡᠨ ᠣᠯᠵᠤ ᠮᠡᠳᠡᠵᠦ᠂ ᠴᠠᠭ ᠲᠤᠬᠠᠶ ᠳᠤᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠬᠤᠯᠤᠭᠠᠨ᠎ᠠ ᠬᠢᠵᠢᠭ ᠬᠥᠮᠦᠨ ᠳᠤ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠤᠨ ᠬᠥᠳᠡᠯᠦᠯ ᠪᠠᠶᠢᠳᠠᠯ ᠪᠠ ᠬᠠᠨᠳᠤᠰᠢ ᠶᠢ ᠴᠠᠭ ᠲᠤᠬᠠᠶ ᠳᠤᠨᠢ ᠡᠵᠡᠮᠰᠢᠵᠦ᠂ ᠮᠠᠨ ᠤ ᠬᠤᠲᠠ ᠶᠢᠨ ᠬᠤᠯᠤᠭᠠᠨ᠎ᠠ ᠬᠢᠵᠢᠭ ᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号