2020 ᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2020 ᠣᠨ ᠤ 3 ᠰᠠᠷ᠎ᠠ ᠶᠢᠨ 26 ᠤ ᠡᠳᠦᠷ ᠦᠬᠠᠶ ᠬᠤᠲᠠ ᠶᠢᠨ ᠶᠢᠰᠦᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠳᠠᠩ ᠢ | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠣ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ | ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠣ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ | ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ | ᠲᠥᠷᠦ ᠶᠢᠨ ᠵᠥᠪᠯᠡᠯᠭᠡᠨ ᠤ ᠬᠢᠨᠠᠯᠳᠠ ᠳᠡᠮᠵᠢᠯᠭᠡ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠳᠠᠯᠠᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ︽ᠲᠠᠪᠤᠨ ᠣᠷᠣᠨ︾ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠨᠡᠮᠡᠭᠳᠡᠯ ᠢ ᠲᠣᠭᠲᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠬᠢᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠪᠠ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ 9.5% ᠪᠠᠷ ᠨᠡᠮᠡᠭᠳᠡᠵᠦ᠂ ᠪᠥᠬᠦ ᠣᠷᠣᠨ ᠤ ᠲᠡᠷᠢᠭᠦᠨ ᠳᠤ ᠣᠷᠣᠪᠠ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 21.7% ᠪᠠᠷ ᠨᠡᠮᠡᠭᠳᠡᠵᠦ᠂ ᠪᠥᠬᠦ ᠣᠷᠣᠨ ᠤ | ᠲᠡᠷᠢᠭᠦᠨ ᠳᠤ ᠣᠷᠣᠪᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 10.5% ᠪᠠᠷ ᠨᠡᠮᠡᠭᠳᠡᠵᠦ᠂ ᠪᠥᠬᠦ | ᠣᠷᠣᠨ ᠤ ᠳᠥᠷᠪᠡᠳᠦᠭᠡᠷ ᠲᠤ ᠣᠷᠣᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 13.9% | ᠨᠡᠮᠡᠭᠳᠡᠵᠦ᠂ ᠪᠥᠬᠦ ᠣᠷᠣᠨ ᠤ ᠳᠥᠷᠪᠡᠳᠦᠭᠡᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 4.3% ᠪᠠᠷ ᠨᠡᠮᠡᠭᠳᠡᠵᠦ᠂ ᠪᠥᠬᠦ ᠣᠷᠣᠨ ᠤ ᠵᠢᠷᠭᠤᠳᠤᠭᠠᠷ ᠲᠤ ᠵᠢᠭᠰᠠᠭᠠᠭᠳᠠᠪᠠ | ︔ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 6.4%᠂ 10.2% ᠢᠶᠠᠷ ᠨᠡᠮᠡᠭᠳᠡᠵᠦ᠂ ᠴᠥᠮ ᠪᠥᠬᠦ | ᠣᠷᠣᠨ ᠤ ᠳᠣᠯᠣᠳᠤᠭᠠᠷ ᠲᠤ ᠵᠢᠭᠰᠠᠭᠠᠭᠳᠠᠪᠠ᠃ | ᠨᠢᠭᠡ ᠵᠢᠯ ᠤᠨ ᠲᠤᠷᠰᠢ᠂ ᠪᠢᠳᠡ ᠨᠡᠮᠡᠭᠳᠡᠯ ᠢ ᠲᠣᠭᠲᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ | ᠠᠭᠢᠭᠤᠯᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ᠃ | ᠠᠵᠤ ᠠᠬᠤᠶ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ ᠲᠥᠪ ᠤᠨ | ︽ᠵᠢᠷᠭᠤᠭ᠎ᠠ ᠶᠢ ᠲᠣᠭᠲᠠᠪᠤᠷᠢᠵᠢᠭᠤᠯᠬᠤ︾ ﹇1﹈ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ 8 ᠤᠯᠠᠷᠢᠯ ᠳᠠᠷᠠᠭᠠᠯᠠᠨ ᠪᠦᠬᠦ | ᠣᠷᠣᠨ ᠤ ᠲᠡᠷᠢᠭᠦᠨ ᠳᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ 33 ᠰᠠᠷ᠎ᠠ ᠳᠠᠷᠠᠭᠠᠯᠠᠨ ᠪᠦᠬᠦ ᠣᠷᠣᠨ ᠳᠤ ᠲᠦᠷᠦᠭᠦᠯᠡᠪᠡ᠃ ᠲᠥᠷᠥᠯ | ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠶ ᠪᠠᠶᠢᠨ᠎ᠠ᠃ ︽ᠣᠷᠴᠢᠨ ᠲᠣᠭᠤᠷᠢᠨ ᠢ ᠰᠢᠯᠢᠳᠡᠭᠵᠢᠭᠦᠯᠦᠨ | ᠦᠢᠯᠡᠴᠢᠯᠡᠭᠡ ᠶᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠭᠢᠭᠤᠯᠬᠤ︾ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠳ᠋ᠦᠩᠰᠢᠭᠤᠷ ᠲᠦᠭᠦᠷᠢᠭ ᠠᠴᠠ ᠳᠡᠭᠡᠭᠰᠢᠬᠢ | ᠭᠤᠣᠯᠳᠠᠯᠭ᠎ᠠ ᠲᠠᠢ 108 ᠲᠥᠷᠥᠯ ᠵᠦᠢᠯ ᠢ ᠠᠵᠢᠯ ᠡᠬᠢᠯᠡᠭᠦᠯᠵᠦ᠂ 122.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ 182 ᠲᠥᠷᠦᠯ ᠵᠦᠢᠯ ᠢ | ᠬᠡᠷᠡᠭᠵᠢᠭᠦᠯᠵᠦ᠂ 114 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠶᠦᠩ ᠲᠠᠢ | ᠬᠢᠮᠢ ᠵᠡᠷᠭᠡ ᠨᠢᠭᠡ ᠪᠦᠯᠦᠭ ᠲᠥᠷᠦᠯ ᠵᠦᠢᠯ ᠢ ᠭᠡᠷ᠎ᠡ ᠲᠤᠭᠳᠠᠭᠠᠨ ᠨᠠᠢᠳᠠᠪᠤᠷᠢᠵᠢᠭᠤᠯᠪᠠ᠃ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠬᠢᠪᠠ᠃ ᠰᠢᠨ᠎ᠡ ᠪᠠᠷ ᠪᠠᠶᠢᠭᠤᠯᠤᠭᠰᠠᠨ | ᠬᠦᠷᠢᠶᠡᠯᠡᠩ ᠲᠣᠭᠤᠷᠢᠭ ᠤᠨ ᠵᠠᠮ᠂ ᠬᠤᠭᠤᠯᠠᠶ ᠲᠣᠤᠷ 30.6 ᠺᠢᠯᠣᠮᠧᠲᠷ ᠬᠦᠷᠴᠦ᠂ ᠰᠠᠢ ᠮᠠ ᠡᠮᠴᠢᠯᠡᠭᠡᠨ ᠤ | ᠬᠠᠶᠠᠭᠳᠠᠮᠠᠯ ᠪᠠ ᠪᠤᠵᠠᠷ ᠰᠢᠪᠠᠷ ᠢ ᠰᠢᠢᠳᠪᠦᠷᠢᠯᠡᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠬᠦᠸᠧ | ᠱᠠᠩ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ᠂ | ᠬᠦᠷᠢᠶᠡᠯᠡᠩ ᠲᠣᠭᠤᠷᠢᠭ ᠤᠨ ᠲᠥᠬᠦᠷᠵᠢᠭᠦᠯᠦᠯᠲᠡ ᠶᠢ ᠨᠠᠩ ᠲᠡᠭᠦᠯᠳᠡᠷ ᠪᠣᠯᠭᠠᠪᠠ᠃ ︽ᠰᠢᠩᠭᠡᠯᠢᠭ ᠢᠶᠠᠨ ᠰᠤᠯᠠᠯᠠᠵᠤ | ᠰᠢᠪᠠᠭᠤᠳ ᠢ ᠰᠣᠯᠢᠬᠤ︾ ᠶᠢ ᠲᠦᠷᠭᠡᠳᠬᠡᠵᠦ᠂ ᠬᠤᠲᠠ᠂ ᠲᠣᠭᠤᠷᠢᠭ ᠬᠤᠶᠠᠷ ᠱᠠᠲᠤᠨ ᠤ ᠬᠢᠨ 1.2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠨᠥᠬᠦᠪᠥᠷᠢ ᠪᠡᠯᠡ ᠮᠥᠩᠭᠦ ᠶᠢ 1.3 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 2765 | ᠮᠦ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠬᠤᠳᠠᠯᠳᠤᠨ ᠠᠪᠴᠤ ᠬᠠᠳᠠᠭᠠᠯᠠᠪᠠ᠃ ᠪᠥᠬᠦ ᠣᠷᠣᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠲᠠᠯᠠᠪᠠᠢ ᠶᠢᠨ | ᠬᠤᠷᠠᠯ ᠢ ᠲᠠᠭᠠᠭᠠᠴᠢᠯᠠᠨ ᠡᠷᠭᠢᠯᠡᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ 14 ᠠᠵᠤ | ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 100 | ᠬᠦᠴᠦᠷᠬᠡᠭ ᠲᠤ ᠣᠷᠣᠪᠠ᠃ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠦᠷᠭᠡᠳᠪᠡ᠃ ᠰᠢᠨ᠎ᠡ ᠶᠢ ᠡᠭᠦᠳᠬᠦ | ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ 2019 ᠣᠨ ᠤ ᠳᠤᠮᠳᠠᠳᠤ ᠤᠯᠤᠰ ᠤᠨ ᠪᠠᠷᠠᠭᠤᠨ ᠬᠡᠰᠡᠭ ᠤᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠲᠠᠰ ᠤᠨ ᠶᠠᠷᠢᠶᠠᠨ ᠤ ᠲᠠᠪᠴᠠᠩ ᠵᠢᠴᠢ ᠤᠰᠤᠲᠥ᠋ᠷᠥᠭᠴᠢ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠠᠶᠢᠮᠠᠭ ᠬᠤᠲᠠ ᠶᠢᠨ ᠲᠠᠰ ᠤᠨ ᠰᠢᠨ᠎ᠡ ᠶᠢ ᠡᠭᠦᠳᠬᠦ ᠲᠥᠪ — ᠦᠬᠠᠶ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠰᠢᠭᠯᠠᠯᠲᠠ ᠳᠤ ᠣᠷᠣᠪᠠ᠃ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 26᠂ ᠥᠪᠡᠷᠲᠡᠭᠡᠨ ᠵᠠᠰᠠᠬᠤ ᠣᠷᠣᠨ ᠤ ᠲᠠᠰ ᠤᠨ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 24 ᠪᠠᠶᠢᠭᠤᠯᠪᠠ᠃ ᠤᠯᠠᠮᠵᠢᠯᠠᠯᠲᠤ ᠬᠥᠳᠡᠯᠭᠡᠭᠴᠢ ᠡᠨᠧᠷᠭᠢ ᠶᠢ | ᠰᠢᠯᠢᠳᠡᠭᠵᠢᠭᠦᠯᠦᠨ ᠳᠡᠰ ᠳᠡᠪᠰᠢᠭᠦᠯᠪᠡ᠃ ᠣᠳᠣ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠶᠢ ᠢᠳᠡᠪᠬᠢᠲᠡᠢ | ᠠᠮᠢᠳᠤᠯᠢᠭᠵᠢᠭᠤᠯᠵᠤ᠂ ᠵᠢᠶᠠᠨ ᠯᠦᠩ ᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠸᠠᠨ ᠲᠧᠩ ᠤᠨ | 200 ᠲᠦᠮᠡᠨ ᠲᠣᠨ ᠪᠣᠯᠣᠳ ᠲᠡᠮᠦᠷ ᠤᠨ ᠲᠦᠷᠦᠯ ᠵᠦᠢᠯ ᠢ ᠳᠠᠬᠢᠨ ᠵᠣᠬᠢᠶᠠᠨ ᠪᠠᠶᠢᠭᠤᠯᠵᠤ ᠦᠢᠯᠡᠳᠪᠦᠷᠢᠯᠡᠯ ᠢ | ᠨᠢ ᠰᠡᠷᠭᠦᠭᠡᠨ᠂ ᠰᠠᠶᠢᠰᠫ ᠤᠨ ᠥᠨᠳᠥᠷ ᠵᠤᠤᠬ᠎ᠠ ᠪᠤᠰᠣ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢᠯ ᠢ | ᠡᠬᠢᠯᠡᠭᠦᠯᠵᠦ᠂ ᠬᠤᠸᠠ ᠶᠢᠦ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ LNG ᠦᠢᠯᠡᠳᠪᠦᠷᠢᠯᠡᠯ ᠢᠶᠠᠨ ᠰᠡᠷᠭᠦᠭᠡᠪᠡ᠃ | ᠭᠤᠤᠯᠳᠠᠯᠭ᠎ᠠ ᠲᠠᠢ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠯᠬᠢᠨ | ᠠᠭᠢᠭᠤᠯᠵᠤ᠂ 60 ᠲᠦᠮᠡᠨ ᠲᠣᠨ ᠠᠴᠠ ᠳᠣᠷᠣᠭᠰᠢᠬᠢ ᠨᠡᠭᠦᠷᠡᠰᠦᠨ ᠠᠭᠤᠷᠬᠠᠶ ᠶᠢ ᠰᠢᠭᠰᠢᠭᠳᠡᠭᠦᠯᠵᠦ ᠡᠮᠬᠢᠯᠡᠨ | ᠨᠡᠶᠢᠯᠡᠬᠦᠯᠬᠦ ᠶᠢ ᠲᠦᠷᠭᠡᠳᠬᠡᠪᠠ᠃ ᠢ ᠬᠤᠸᠠ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ ᠨᠢᠭᠡ ᠪᠦᠯᠦᠭ ᠲᠥᠷᠥᠯ | ᠵᠦᠢᠯ ᠢ ᠬᠡᠷᠡᠭᠵᠢᠭᠦᠯᠵᠦ᠂ ᠺᠧ ᠱᠦᠸᠧ᠂ ᠵᠢᠶᠠ ᠿᠦᠢ ᠮᠢ ᠵᠡᠷᠭᠡ ᠡᠮ ᠡᠮᠨᠡᠯᠭᠡ ᠲᠠᠷᠢᠶᠠᠨ ᠡᠮ ᠤᠨ ᠵᠠᠪᠰᠠᠷ ᠤᠨ | ᠪᠡᠶ᠎ᠡ ᠶᠢᠨ ᠲᠥᠷᠥᠯ ᠵᠦᠢᠯ ᠢ ᠡᠮᠬᠢ ᠵᠢᠷᠣᠮ ᠲᠠᠢ ᠪᠠᠷ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠲᠠᠰᠤᠷᠠᠯᠲᠠ | ᠥᠬᠡᠶ ᠳᠡᠭᠡᠳᠦ ᠲᠡᠰᠴᠢᠯᠡᠭᠰᠡᠨ᠂ ᠨᠠᠷᠢᠯᠢᠭᠵᠢᠭᠤᠯᠤᠭᠰᠠᠨ ᠲᠡᠰᠢ ᠤᠷᠤᠭᠰᠢᠯᠠᠭᠤᠯᠪᠠ᠃ 5 ᠠᠵᠤ ᠠᠬᠤᠶᠢᠯᠠᠯ | 2019 ᠣᠨ ᠤ ᠪᠥᠬᠦ ᠤᠯᠤᠰ ᠤᠨ ᠡᠨᠧᠷᠭᠢ ᠶᠢᠨ ᠠᠵᠤ ᠠᠬᠤᠶᠢᠯᠠᠯ ᠤᠨ 500 ᠬᠦᠴᠦᠷᠬᠡᠭ ᠲᠤ ᠣᠷᠣᠪᠠ᠃ | ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠬᠥᠭᠵᠢᠪᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠺᠠᠪᠧᠲ ᠤᠨ ᠬᠡᠢ ᠹᠠᠰᠲᠤ ᠴᠠᠬᠢᠭᠤᠷ ᠤᠨ | ᠳᠠᠪᠬᠤᠷ ᠢᠰᠦᠯ ᠵᠡᠷᠭᠡ ᠨᠢᠭᠡ ᠪᠦᠯᠦᠭ ᠰᠢᠨ᠎ᠡ ᠮᠠᠲ᠋ᠧᠷᠢᠶᠠᠯ ᠤᠨ ᠵᠦᠢᠯᠡᠰ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠨ᠂ ᠱᠠᠨᠰᠢ ᠶᠢᠨ ᠮᠠᠰᠢᠨ ᠲᠡᠷᠭᠡᠨ ᠤ ᠤᠯᠤᠰ ᠤᠨ ᠵᠢᠷᠭᠤᠳᠣᠭᠠᠷ ᠱᠠᠳᠣᠨ ᠤ | ᠭᠠᠳᠠᠭᠰᠢᠯᠠᠭᠤᠯᠬᠤ ᠪᠠᠷᠢᠮᠵᠢᠶ᠎ᠡ ᠳᠤ ᠬᠦᠷᠦᠭᠰᠡᠨ ᠬᠦᠨᠳᠦ ᠠᠴᠢᠶᠠᠨ ᠤ ᠮᠠᠰᠢᠨ ᠠᠮᠵᠢᠯᠲᠠ ᠲᠠᠢ ᠪᠠᠷ ᠦᠢᠯᠡᠳᠪᠦᠷᠢᠯᠡᠯ | ᠤᠨ ᠰᠣᠭᠤᠮ ᠠᠴᠠ ᠭᠠᠷᠴᠦ᠂ ᠪᠦᠦ ᠦ᠋ ᠶᠢᠨ ᠨᠡᠭᠦᠷᠡᠰᠦᠲᠥ᠋ᠷᠦᠭᠴᠢᠲᠦ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠵᠡᠷᠭᠡ ᠵᠦᠢᠯᠡᠰ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠪᠠ᠃ ᠤᠰᠤᠲᠥ᠋ᠷᠥᠭᠴᠢ ᠶᠢᠨ ᠡᠨᠧᠷᠭᠢ ᠶᠢᠨ | ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ | ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠪᠦᠬᠦ ᠣᠷᠣᠨ ᠤ ᠠᠩᠬᠠᠳᠠᠭᠴᠢ | ᠤᠰᠤᠲᠥ᠋ᠷᠥᠭᠴᠢ ᠨᠡᠮᠡᠬᠦ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ ᠤᠰᠤᠲᠥ᠋ᠷᠥᠭᠴᠢ ᠶᠢᠨ ᠠᠵᠤ ᠠᠬᠤᠶ ᠶᠢᠨ | ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠮᠵᠢᠯᠲᠠ ᠲᠠᠢ ᠪᠠᠷ ᠪᠡᠶᠡᠯᠡᠬᠦᠯᠪᠡ᠃ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠵᠤ᠂ | ᠦᠬᠠᠢ ᠨᠠᠭᠤᠷ ᠤᠨ ᠰᠡᠯᠡᠭᠦᠴᠡᠯ ᠵᠤᠭᠠᠴᠠᠯ ᠤᠨ ᠣᠷᠣᠨ᠂ ᠭᠠᠨᠳᠠᠷᠢ ᠠᠭᠤᠯᠠᠨ ᠤ ᠠᠮᠢ ᠠᠬᠤᠢ ᠶᠢᠨ ᠪᠣᠯᠪᠠᠰᠤᠨ | ᠦᠵᠡᠮᠵᠢ ᠶᠢᠨ ᠣᠷᠣᠨ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠴᠢᠳᠠᠪᠬᠢ ᠲᠠᠰᠤᠷᠠᠯᠲᠠ ᠦᠭᠡᠢ | ᠲᠡᠭᠦᠯᠳᠡᠷᠵᠢᠵᠦ᠂ ᠵᠤᠭᠠᠴᠠᠭᠰᠠᠳ ᠢ ᠬᠦᠯᠢᠶᠡᠨ ᠠᠪᠤᠭᠰᠠᠨ ᠬᠡᠮᠵᠢᠶ᠎ᠡ 350 ᠲᠦᠮᠡᠨ ᠬᠥᠮᠦᠨ ᠤᠳᠠᠭ᠎ᠠ ᠶᠢ ᠳᠠᠪᠠᠪᠠ᠃ | ᠮᠥᠩᠭᠦᠨ ᠬᠦᠢᠯᠭᠡᠭᠡᠨ ᠤ ᠦᠢᠯᠡᠰ ᠤᠨ ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠲᠤᠯᠭᠠᠭᠤᠷᠢᠯᠠᠬᠤ | ᠦᠢᠯᠡᠳᠦᠯ ᠨᠠᠩ ᠲᠣᠪᠤᠶᠢᠮ᠎ᠠ ᠪᠣᠯᠵᠣ᠂ ᠠᠷᠠᠳ ᠤᠨ ᠵᠣᠭᠤᠰ ᠤᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ | ᠲᠤᠭ᠎ᠠ ᠲᠣᠰ ᠲᠣᠰ 845.9 ᠳ᠋ᠦᠩᠰᠢᠭᠤᠷ ᠲᠥᠭᠦᠷᠢᠭ᠂ 666.4 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 3.6%᠂ 15.4% ᠨᠡᠮᠡᠭᠳᠡᠵᠦ᠂ ᠡᠷᠡᠭᠦᠯ ᠪᠤᠰᠤ ᠨᠣᠷᠮ᠎ᠠ ᠪᠥᠬᠦ ᠣᠷᠣᠨ ᠤ | ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠣᠯᠪᠠ᠃ ᠥᠪᠥᠷ ᠮᠣᠩᠭᠤᠯ ᠤᠨ ᠥᠮᠴᠢᠯᠡᠬᠦ ᠡᠷᠬᠡ ᠶᠢᠨ ᠠᠷᠠᠯᠵᠢᠶᠠᠨ ᠤ | ᠦᠬᠠᠶ ᠶᠢᠨ ᠲᠥᠪ ᠫᠠᠶᠢᠰᠠ ᠡᠯᠭᠦᠨ ᠪᠠᠶᠢᠭᠤᠯᠤᠭᠳᠠᠵᠤ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ | ᠠᠷᠠᠯᠵᠢᠶᠠᠨ ᠤ ᠲᠥᠪ ᠲᠤ ᠫᠠᠶᠢᠰᠠ ᠡᠯᠭᠦᠭᠰᠡᠨ ᠠᠵᠤ ᠠᠬᠤᠶᠢᠯᠠᠯ 46 ᠪᠣᠯᠵᠣ᠂ ᠪᠠᠯᠠ ᠲᠣᠬᠢᠷᠠᠭᠤᠯᠭ᠎ᠠ ᠶᠢᠨ ᠠᠷᠭ᠎ᠠ | ᠵᠠᠮ ᠨᠠᠩ ᠣᠯᠠᠨ ᠡᠰᠢᠵᠢᠪᠡ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠴᠢᠩᠭᠠᠳᠬᠠᠵᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ᠂ | ᠬᠤᠲᠠ ᠬᠥᠳᠡᠭᠡ ᠶᠢ ᠠᠭᠤᠰᠤᠯᠴᠠᠭᠤᠯᠬᠤ ᠠᠯᠬᠤᠴᠠ ᠪᠠᠨ ᠲᠦᠷᠭᠡᠳᠬᠡᠪᠡ᠃ | ᠬᠤᠲᠠ ᠶᠢᠨ ᠴᠢᠳᠠᠮᠵᠢ ᠨᠠᠩ ᠲᠡᠭᠦᠯᠳᠡᠷᠵᠢᠪᠡ᠃ ︽ᠦᠬᠠᠶ ᠬᠤᠳᠠ ᠶᠢᠨ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ︽ᠤᠯᠠᠨ | ᠲᠥᠯᠥᠪᠵᠢᠭᠦᠯᠭᠡ ᠶᠢ ᠨᠢᠭᠡᠳᠬᠡᠬᠦ︾ ﹇2﹈ ᠶᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ᠵᠠᠮ ᠬᠠᠷᠢᠯᠴᠠᠭᠠᠨ ᠤ | ᠲᠣᠣᠷ ᠢ ᠰᠢᠯᠢᠳᠡᠭᠵᠢᠭᠦᠯᠦᠨ᠂ ᠤᠯᠤᠰ ᠤᠨ ᠵᠠᠮ ᠤᠨ 110 ᠱᠤᠭᠤᠮ ᠤᠨ ᠦᠬᠠᠢ ᠶᠢᠨ ᠬᠠᠳᠤᠨ ᠭᠤᠤᠯ ᠤᠨ | ᠣᠨᠴᠠ ᠶᠡᠭᠡ ᠬᠥᠭᠦᠷᠭᠡ᠂ ᠿᠦᠩ ᠡᠤ ᠶᠢᠨ ᠲᠡᠭᠡᠲᠤ ᠬᠤᠷᠳᠣᠴᠠᠲᠤ ᠵᠠᠰᠠᠮᠠᠯ ᠵᠠᠮ ᠤᠨ ᠦᠬᠠᠢ ᠶᠢᠨ ᠬᠡᠰᠡᠭ ᠢ | ᠪᠠᠶᠢᠭᠤᠯᠤᠨ ᠨᠡᠪᠲᠡᠷᠡᠭᠦᠯᠵᠦ᠂ ᠭᠠᠨᠳᠠᠷᠢ ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠥᠭᠦᠷᠭᠡ᠂ ᠮᠤᠵᠢ ᠶᠢᠨ ᠵᠠᠮ ᠤᠨ | 217 ᠱᠤᠭᠤᠮ ᠤᠨ ᠬᠤᠲᠠ ᠶᠢ ᠲᠣᠭᠤᠷᠢᠭᠰᠠᠨ ᠬᠡᠰᠡᠭ ᠵᠡᠷᠭᠡ ᠨᠢᠭᠡ ᠪᠦᠯᠦᠭ ᠲᠥᠷᠥᠯ ᠵᠦᠢᠯ ᠢ ᠲᠦᠷᠭᠡᠳᠭᠡᠨ | ᠠᠬᠢᠭᠤᠯᠵᠤ᠂ ᠪᠦᠬᠦ ᠬᠤᠲᠠ ᠶᠢᠨ ᠵᠠᠰᠠᠮᠠᠯ ᠵᠠᠮ ᠤᠨ ᠶᠡᠷᠦᠩᠬᠡᠢ ᠤᠷᠲᠤ 1200 ᠺᠢᠯᠣᠮᠧᠳ᠋ᠷ ᠲᠤ ᠬᠦᠷᠪᠡ᠃ ᠦᠬᠠᠶ | ᠶᠢᠨ ᠨᠢᠰᠬᠡᠯ ᠤᠨ ᠪᠠᠭᠤᠳᠠᠯ ᠤᠨ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ 52.4 ᠲᠦᠮᠡᠨ ᠬᠥᠮᠦᠨ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠃ ᠪᠢᠨ ᠾᠧ ᠶᠡᠭᠡ ᠵᠠᠮ | ᠵᠡᠷᠭᠡ ᠬᠤᠲᠠ ᠶᠢᠨ ᠲᠣᠭᠤᠷᠢᠭ ᠤᠨ 13 ᠵᠤᠷᠪᠤᠰ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠦᠯᠬᠦᠮᠳᠡᠯ | ᠵᠠᠮ ᠵᠡᠷᠭᠡ ᠨᠢᠭᠡ ᠪᠦᠯᠦᠭ ︽ᠮᠤᠬᠤᠷ ᠵᠠᠮ︾ ᠢ ᠨᠡᠪᠲᠡᠷᠡᠭᠦᠯᠪᠡ᠃ ᠨᠡᠶᠢᠲᠡ ᠶᠢᠨ ᠮᠠᠰᠢᠨ ᠲᠡᠷᠭᠡᠨ ᠤ ᠪᠠᠶᠢᠭᠤᠯᠤᠮᠵᠢ | ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ | ᠨᠡᠶᠢᠲᠡ ᠶᠢᠨ ᠮᠠᠰᠢᠨ ᠲᠡᠷᠭᠡ ᠶᠢ 100 ᠰᠠᠣᠷᠢ ᠣᠷᠣᠭᠤᠯᠵᠤ᠂ ︽ᠪᠣᠬᠢᠷᠲᠤᠯ ᠦᠭᠡᠢ ᠪᠠᠷ ᠭᠠᠳᠠᠭᠰᠢ ᠠᠶᠠᠯᠠᠬᠤ︾ ᠶᠢ | ᠨᠠᠩ ᠳᠥᠭᠦᠮ ᠪᠣᠯᠭᠠᠪᠠ᠃ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠢᠯᠴᠢ | ᠬᠠᠩᠭᠠᠬᠤ᠂ ᠬᠡᠢ ᠬᠠᠩᠭᠠᠬᠤ᠂ ᠤᠰᠤ ᠬᠠᠩᠭᠠᠬᠤ᠂ ᠪᠣᠬᠢᠷ ᠤᠰᠤ ᠵᠡᠷᠭᠡ ᠬᠤᠭᠤᠯᠠᠶ ᠲᠣᠤᠷ ᠢ 500 ᠺᠢᠯᠣᠮᠧᠲᠷ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠲᠠᠯᠠᠪᠠᠶ ᠶᠢ 73 ᠲᠦᠮᠡᠨ ᠲᠡᠭᠰᠢ | ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠠ᠃ ᠬᠠᠶᠢᠷᠤᠪ ᠤᠨ ᠲᠤᠬᠤᠢ ᠶᠢᠨ ᠬᠤᠶᠢᠲᠤ ᠬᠡᠰᠡᠭ ᠵᠡᠷᠭᠡ 3 ᠴᠡᠪᠡᠷ | ᠤᠰᠤᠨ ᠤ ᠦᠢᠯᠡᠳᠪᠦᠷᠢ ᠶᠢ ᠦᠨᠳᠦᠰᠦᠨ ᠳᠡᠭᠡᠨ ᠪᠠᠶᠢᠭᠤᠯᠵᠤ ᠲᠠᠭᠤᠰᠪᠠ᠃ ᠮᠠᠨ ᠤ ᠬᠤᠲᠠ ᠥᠪᠡᠷᠲᠡᠭᠡᠨ ᠵᠠᠰᠠᠬᠤ | ᠣᠷᠣᠨ ᠤ ᠤᠰᠤ ᠠᠷᠪᠢᠯᠠᠬᠤ ᠬᠡᠯᠪᠡᠷᠢ ᠶᠢᠨ ᠬᠤᠲᠠ ᠪᠠᠷ ᠦᠨᠡᠯᠡᠭᠳᠡᠪᠡ᠃ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠠᠮᠢᠳᠤᠷᠠᠯ ᠤᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ ᠶᠢ | ᠬᠤᠤᠷ ᠥᠬᠡᠶ ᠪᠠᠷ ᠰᠢᠢᠳᠪᠦᠷᠢᠯᠡᠬᠦ ᠶᠢ ᠪᠡᠶᠡᠯᠡᠭᠦᠯᠪᠠ᠃ ︽ᠵᠣᠷᠯᠣᠩ ᠤᠨ ᠬᠤᠪᠢᠰᠬᠠᠯ︾ ᠢ ᠠᠬᠢᠭᠤᠯᠵᠤ᠂ ᠬᠤᠲᠠ | ᠲᠣᠭᠤᠷᠢᠭ ᠤᠨ 80 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠣᠯᠭ᠎ᠠ ᠶᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠪᠠ᠃ ᠪᠥᠬᠦ ᠤᠯᠤᠰ ᠤᠨ ᠪᠣᠯᠪᠠᠰᠤᠨ ᠬᠤᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ | ᠴᠤᠭᠴᠠᠯᠠᠨ ᠪᠠᠶᠢᠭᠤᠯᠬᠤ ᠪᠠᠷ ᠪᠠᠷᠢᠴᠠ ᠪᠣᠯᠭᠠᠨ᠂ ᠵᠠᠮ ᠬᠠᠷᠢᠯᠴᠠᠭᠠᠨ ᠤ ᠡᠮᠬᠢ ᠵᠢᠷᠤᠮ᠂ ᠵᠡᠭᠡᠯᠢ ᠭᠤᠳᠤᠮᠵᠢ ᠶᠢᠨ | ᠡᠷᠡᠭᠦᠯ ᠬᠠᠮᠠᠭᠠᠯᠠᠯ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ︽ᠦᠬᠠᠶ ᠬᠤᠲᠠ ᠶᠢᠨ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠷᠢᠮ︾ ᠢ ᠨᠡᠶᠢᠲᠡᠯᠡᠨ ᠬᠡᠷᠡᠭᠵᠢᠭᠦᠯᠵᠦ᠂ ᠬᠤᠲᠠ ᠶᠢᠨ | ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠲᠡᠭᠡᠭᠰᠢᠯᠡᠬᠦᠯᠪᠡ᠃ ᠴᠡᠴᠡᠷᠯᠢᠭ᠂ ᠬᠤᠲᠠ ᠶᠢᠨ ᠶᠠᠪᠤᠳᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ | ᠬᠤᠲᠠ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ ︽12345︾ ᠬᠤᠲᠠ ᠶᠢᠨ | ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠷᠥᠯ ᠵᠦᠢᠯ ᠪᠦᠬᠦ ᠤᠯᠤᠰ ᠤᠨ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠨ᠎ᠡ ᠡᠭᠦᠳᠦᠯᠲᠡ ᠶᠢᠨ ᠱᠠᠩᠨᠠᠯ ᠢ ᠬᠦᠷᠲᠡᠪᠡ᠃ ᠭᠤᠷᠪᠠᠳᠤᠭᠠᠷ ᠤᠳᠠᠭᠠᠨ ᠤ | ᠪᠦᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢ ᠪᠦᠬᠦ ᠬᠦᠴᠦᠨ ᠢᠶᠠᠷ ᠰᠠᠶᠢᠲᠤᠷ ᠬᠢᠵᠦ᠂ | ᠪᠦᠬᠦ ᠣᠷᠣᠨ ᠤ ᠠᠩᠬᠠᠳᠠᠭᠴᠢ ᠪᠦᠬᠦ ᠣᠷᠣᠨ ᠤ ᠤᠯᠤᠰ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠤᠲᠠ | ᠪᠣᠯᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠦᠵᠦᠮ ᠤᠨ | ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ ᠰᠢᠨ᠎ᠡ ᠪᠠᠷ ᠨᠡᠮᠡᠭᠳᠡᠭᠰᠡᠨ ᠦᠵᠦᠮ | ᠳᠠᠷᠢᠬᠤ ᠲᠠᠯᠠᠪᠠᠶ 2000 ᠮᠥ ᠬᠦᠷᠴᠦ᠂ ︽ᠦᠬᠠᠶ ᠶᠢᠨ ᠦᠵᠦᠮ︾ ᠭᠤᠷᠪᠠᠳᠤᠭᠠᠷ ᠪᠦᠯᠦᠭ ᠤᠨ ᠳᠤᠮᠳᠠᠳᠤ | ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ᠂ ᠳᠤᠮᠳᠠᠳᠤ ᠤᠯᠤᠰ ᠤᠨ | ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠲᠤ ᠰᠣᠩᠭᠤᠭᠳᠠᠪᠠ᠃ ᠶᠠᠩ ᠭᠤᠸᠠᠩ ᠲᠢᠶᠠᠨ ᠢᠦᠶ | ᠦᠵᠦᠮ ᠤᠨ ᠠᠷᠢᠬᠢᠨ ᠡᠳ᠋ᠯᠡᠩ᠂ ᠭᠧ ᠿᠦᠢ ᠫᠦ᠋ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ | ᠨᠢᠭᠡᠳᠦᠭᠡᠷ ᠡᠬᠡᠯᠵᠢ ᠶᠢᠨ ᠭᠤᠷᠪᠠᠨ ᠪᠦᠯᠦᠭ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠲᠥᠷᠥᠯ ᠵᠦᠢᠯ ᠢ | ᠲᠦᠷᠭᠡᠳᠬᠡᠨ ᠪᠠᠶᠢᠭᠤᠯᠵᠤ᠂ ᠶᠦᠨ ᠹᠸᠢ ᠦᠵᠦᠮ ᠤᠨ ᠠᠷᠢᠬᠢᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ | ᠴᠡᠭᠡᠯ ᠠᠭᠤᠯᠠ ᠪᠠᠯᠭᠠᠰᠤ ᠪᠦᠬᠦ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ | ᠵᠢᠱᠢᠶ᠎ᠡ ᠦᠵᠡᠭᠦᠯᠬᠦ ᠪᠠᠶᠢᠭᠤᠯᠤᠯᠲᠠ ᠶᠢᠨ ᠨᠡᠷᠡᠰ ᠲᠤ ᠵᠢᠭᠰᠠᠭᠠᠭᠳᠠᠵᠤ᠂ ᠬᠠᠶᠢᠨᠠᠨ ᠲᠣᠭᠤᠷᠢᠭ ᠤᠨ ᠰᠠᠶᠢᠬᠠᠬᠤᠰᠣ | ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠬᠦᠯᠬᠦ ᠲᠣᠰᠬᠤᠨ ᠪᠠᠯᠭᠠᠰᠤᠨ ᠳᠤ | ᠰᠣᠩᠭᠤᠭᠳᠠᠪᠠ᠃ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠡᠭᠦᠯᠳᠡᠷᠵᠢᠭᠦᠯᠵᠦ᠂ ᠨᠢᠭᠲᠠ ᠬᠡᠯᠪᠡᠷᠢ ᠶᠢᠨ ᠬᠤᠯᠪᠣᠯᠲᠠ ᠶᠢᠨ ᠬᠠᠷᠢᠴᠠᠯ ᠢ 76% ᠳᠤ ᠬᠦᠷᠭᠡᠪᠡ᠃ ᠲᠠᠷᠢᠶᠠᠯᠠᠬᠤ | ᠣᠷᠣᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠠᠷᠢᠶᠠᠯᠠᠬᠤ ᠣᠷᠣᠨ ᠤ ᠴᠠᠬᠢᠯᠭᠠᠨ ᠤ ᠲᠣᠤᠷ ᠢ 121 | ᠺᠢᠯᠣᠮᠧᠲᠷ ᠥᠭᠡᠷᠡᠴᠢᠯᠡᠨ ᠳᠡᠰ ᠳᠡᠪᠰᠢᠭᠦᠯᠵᠦ᠂ ᠪᠠᠶᠢᠭᠠᠯᠢ ᠲᠣᠰᠬᠤᠨ ᠳᠤ ᠬᠠᠲᠠᠭᠤᠷᠠᠭᠰᠠᠨ ᠵᠠᠮ ᠨᠡᠪᠳᠡᠷᠡᠵᠦ᠂ | ᠲᠠᠷᠢᠶᠠᠯᠠᠬᠤ ᠣᠷᠣᠨ ᠤ ᠨᠡᠶᠢᠲᠡ ᠶᠢᠨ ᠮᠠᠰᠢᠨ ᠲᠡᠷᠭᠡ ᠨᠡᠪᠲᠡᠷᠡᠭᠰᠡᠨ ᠨᠣᠷᠮ᠎ᠠ ᠶᠢ 100% ᠳᠤ ᠬᠦᠷᠦᠭᠦᠯᠪᠡ᠃ | ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ ᠵᠡᠭᠡᠯᠢ ᠭᠤᠳᠤᠮᠵᠢ ᠶᠢᠨ ᠬᠦᠷᠢᠶ᠎ᠡ ᠬᠠᠰᠢᠶ᠎ᠠ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠳᠦᠷᠰᠦ ᠪᠠᠶᠢᠳᠠᠯ ᠶᠡᠭᠡ | ᠬᠡᠮᠵᠢᠶ᠎ᠡ ᠪᠠᠷ ᠰᠠᠶᠢᠵᠢᠷᠠᠪᠠ᠃ ᠲᠦᠷᠢᠮ ᠵᠦᠷᠢᠴᠡᠵᠦ ᠪᠠᠶᠢᠭᠤᠯᠤᠭᠰᠠᠨ ᠭᠡᠭᠡᠨᠴᠢᠷ ᠰᠠᠭᠤᠴᠠ ᠶᠢᠨ ᠠᠰᠠᠭᠤᠳᠠᠯ ᠢ | ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠦᠷᠨᠢᠬᠦᠯᠵᠦ᠂ ︽ᠲᠠᠷᠢᠶᠠᠨ ᠭᠠᠵᠠᠷ ᠢ ᠨᠡᠷ᠎ᠡ ᠵᠢᠭᠠᠵᠦ ᠨᠢᠳᠡᠷ ᠢ | ᠦᠬᠡᠷᠡᠴᠢᠯᠡᠨ ᠪᠦᠲᠦᠭᠡᠨ ᠪᠠᠶᠢᠭᠤᠯᠤᠯᠳᠠ ᠬᠢᠭᠰᠡᠨ ᠠᠰᠠᠭᠤᠳᠠᠯ︾ ᠢ ᠴᠡᠪᠡᠷᠯᠡᠨ ᠴᠡᠭᠴᠡᠯᠡᠬᠦ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠪᠣᠬᠢᠷᠲᠤᠯ ᠢ ᠵᠠᠰᠠᠵᠤ᠂ ᠬᠠᠮᠠᠭᠠᠯᠠᠯᠲᠠ ᠶᠢ ᠴᠢᠩᠭᠠᠳᠬᠠᠵᠤ᠂ ᠠᠮᠢ | ᠠᠬᠤᠢ ᠶᠢᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ᠃ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠦᠷ᠎ᠡ ᠪᠦᠲᠦᠮᠵᠢ ᠠᠩᠬ᠎ᠠ ᠠᠯᠬᠤᠮ | ᠢᠯᠡᠷᠡᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ | ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ | ᠪᠠᠶᠢᠴᠠᠭᠠᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠶ ᠠᠳᠬᠤᠵᠤ᠂ ᠨᠢᠭᠡ ᠪᠦᠯᠦᠭ | ᠲᠣᠪᠤᠶᠢᠮ᠎ᠠ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠵᠦ᠂ ᠭᠤᠤᠯ ᠬᠤᠲᠠ ᠶᠢᠨ ᠲᠣᠭᠤᠷᠢᠭ ᠤᠨ | ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 81.1% ᠬᠦᠷᠴᠦ᠂ | ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠷᠠᠯᠲᠠ ᠡᠭᠦᠷᠭᠡ ᠠᠴᠠ 3.5 ᠵᠠᠭᠤᠨ ᠤ ᠨᠢᠭᠡᠴᠢ ᠥᠨᠳᠥᠷ | ᠪᠣᠯᠪᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ 27 ᠲᠥᠷᠥᠯ ᠵᠦᠢᠯ᠂ ᠰᠢᠷᠣᠢ | ᠭᠠᠳᠠᠭᠰᠢᠯᠠᠭᠤᠯᠬᠤ ᠲᠠᠯᠠᠪᠠᠢ ᠶᠢ ᠵᠠᠰᠠᠨ ᠰᠡᠷᠭᠦᠭᠡᠬᠦ 35 ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠪᠤᠬᠢᠷᠳᠠᠯ ᠦᠭᠡᠢ ᠠᠭᠤᠷᠬᠠᠢ ᠶᠢ ᠨᠡᠶᠢᠲᠡ 7 ᠪᠠᠶᠢᠭᠤᠯᠵᠤ ᠳᠠᠭᠤᠰᠬᠠᠪᠠ᠃ ᠨᠡᠭᠦᠷᠡᠰᠦᠨ | ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠨᠡᠭᠦᠷᠡᠰᠦᠨ ᠳᠠᠪᠬᠤᠷᠭ᠎ᠠ ᠶᠢᠨ ᠥᠪᠡᠰᠦᠪᠡᠨ ᠰᠢᠲᠠᠬᠤ | ᠵᠠᠰᠠᠯᠲᠠ ᠶᠢ 4000 ᠭᠠᠷᠤᠢ ᠲᠦᠮᠡᠨ ᠪᠣᠰᠤᠭ᠎ᠠ ᠳᠥᠷᠪᠡᠯᠵᠢᠨ ᠮᠧᠲᠷ ᠪᠡᠶᠡᠯᠡᠬᠦᠯᠵᠦ᠂ 339 ᠭᠠᠯ ᠨᠣᠴᠣᠭᠰᠠᠨ | ᠴᠡᠭ ᠰᠢᠯᠭᠠᠨ ᠠᠪᠬᠤ ᠶᠢ ᠥᠩᠭᠡᠷᠡᠭᠡᠵᠦ᠂ ᠵᠠᠳᠠᠭᠠᠢ ᠨᠡᠭᠦᠷᠡᠰᠦᠨ ᠠᠭᠤᠷᠬᠠᠢ ᠪᠠ ᠮᠠᠯᠲᠠᠵᠤ ᠬᠥᠨᠳᠡᠶᠢᠷᠡᠭᠦᠯᠦᠭᠰᠡᠨ | ᠣᠷᠣᠨ ᠳᠤ ᠡᠯᠧᠺᠲᠷᠣᠨ ᠢᠶᠠᠷ ᠬᠢᠨᠠᠨ ᠡᠵᠡᠮᠳᠡᠬᠦ ᠶᠢ ᠪᠦᠷᠢᠨ ᠪᠦᠷᠬᠦᠭᠦᠯᠪᠡ᠃ ᠭᠠᠯ ᠤᠨ ᠠᠵᠤ ᠦᠢᠯᠡᠳᠪᠦᠷᠢ ᠶᠢᠨ | ᠪᠦᠲᠦᠭᠡᠭᠳᠡᠬᠦᠨ ᠤ ᠬᠠᠩᠭᠠᠯᠭ᠎ᠠ ᠶᠢ ᠴᠢᠩᠭ᠎ᠠ ᠬᠢᠵᠠᠭᠠᠷᠯᠠᠵᠤ᠂ ᠰᠥᠨᠢ ᠪᠠᠷ ᠵᠠᠳᠠᠭᠠᠢ ᠪᠠᠷ ᠮᠠᠯᠲᠠᠨ ᠠᠵᠢᠯᠯᠠᠬᠤ ᠶᠢ | ᠪᠦᠬᠦ ᠲᠠᠯ᠎ᠠ ᠪᠠᠷ ᠴᠠᠭᠠᠵᠠᠯᠠᠵᠤ᠂ ᠠᠭᠤᠷᠬᠠᠶ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠢ ᠵᠠᠰᠠᠬᠤ ᠠᠵᠢᠯ ᠢ | ᠭᠡᠳᠡᠷᠭᠦ ᠰᠢᠬᠠᠮᠳᠠᠭᠤᠯᠣᠨ ᠦᠷᠨᠢᠬᠦᠯᠦᠯᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ | 56 ᠲᠥᠷᠥᠯ ᠵᠦᠢᠯ ᠢ ᠬᠡᠷᠡᠭᠵᠢᠭᠦᠯᠵᠦ᠂ ᠪᠣᠯᠣᠳ ᠲᠡᠮᠦᠷ᠂ ᠰᠧᠮᠧᠨ᠋ᠲ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠣᠨᠴᠠ ᠭᠠᠳᠠᠭᠰᠢᠯᠠᠭᠤᠯᠤᠯᠲᠠ ᠶᠢᠨ ᠬᠢᠵᠠᠭᠠᠷᠯᠠᠭᠰᠠᠨ ᠬᠡᠮᠵᠢᠭᠳᠡᠯ ᠢ ᠳᠡᠭᠡᠭᠰᠢᠯᠡᠭᠦᠯᠬᠦ | ᠥᠭᠡᠷᠡᠴᠢᠯᠡᠯᠲᠡ ᠶᠢ ᠪᠡᠶᠡᠯᠡᠭᠦᠯᠵᠦ᠂ 36 ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠣᠷᠭᠠᠨᠢᠭ | ᠪᠣᠳᠠᠰ ᠤᠨ ᠭᠤᠭᠤᠵᠢᠯᠲᠠ ᠶᠢ ᠪᠠᠶᠢᠴᠠᠭᠠᠨ ᠬᠡᠮᠵᠢᠬᠦ ᠪᠠ ᠰᠡᠷᠭᠦᠭᠡᠬᠦ ᠶᠢ ᠪᠡᠶᠡᠯᠡᠭᠦᠯᠪᠡ᠃ | ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠪᠠ᠃ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠵᠠᠰᠠᠯᠲᠠ ᠶᠢ ᠴᠢᠩᠭᠠᠳᠬᠠᠵᠤ᠂ ᠭᠤᠤᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠᠰᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠠᠲᠤᠨ ᠭᠤᠤᠯ ᠤᠨ ᠬᠤᠷᠠᠳᠠᠰᠣ ᠢ | ᠠᠷᠢᠯᠭᠠᠬᠤ᠂ ᠭᠤᠤᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷ᠎ᠠ ᠶᠢ ᠴᠡᠪᠡᠷᠯᠡᠬᠦ︾ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠬᠠᠲᠤᠨ ᠭᠤᠤᠯ ᠤᠨ ᠦᠬᠠᠶ ᠶᠢᠨ ᠬᠡᠰᠡᠭ ᠤᠨ ᠤᠰᠤᠨ ᠤ ᠴᠢᠨᠠᠷ ᠢ Ⅱ ᠲᠥᠷᠥᠯ ᠤᠨ ᠤᠰᠤᠨ | ᠴᠣᠭᠴᠠ ᠳᠤ ᠬᠦᠷᠦᠭᠦᠯᠪᠠ᠃ ᠦᠬᠠᠶ ᠨᠠᠭᠤᠷ ᠤᠨ ᠵᠡᠭᠦᠨ ᠡᠷᠭᠢ ᠶᠢᠨ ᠦᠵᠡᠮᠵᠢ ᠶᠢᠨ ᠴᠢᠨᠠᠷ ᠢ ᠳᠡᠭᠡᠭᠰᠢᠯᠡᠭᠦᠯᠬᠦ᠂ | ᠬᠤᠲᠠ ᠶᠢᠨ ᠲᠣᠭᠤᠷᠢᠭ ᠤᠨ ᠵᠠᠮ ᠢ ᠨᠣᠭᠤᠭᠠᠷᠠᠭᠤᠯᠬᠤ ᠵᠡᠷᠭᠡ ᠨᠢᠭᠡ ᠪᠦᠯᠦᠭ ᠨᠣᠭᠤᠭᠠᠷᠠᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠹᠧᠩ ᠬᠤᠸᠠᠩ ᠾᠧ ᠭᠤᠤᠯ ᠤᠨ ᠨᠢᠭᠡᠳᠦᠭᠡᠷ ᠴᠡᠴᠡᠷᠯᠢᠭ ᠵᠡᠷᠭᠡ ᠨᠢᠭᠡ ᠪᠦᠯᠦᠭ ᠬᠤᠲᠠ ᠶᠢᠨ | ᠲᠣᠭᠤᠷᠢᠭ ᠤᠨ ᠨᠣᠭᠤᠭᠠᠨ ᠭᠠᠵᠠᠷ ᠢ ᠠᠰᠢᠭᠯᠠᠯᠲᠠ ᠳᠤ ᠣᠷᠣᠭᠤᠯᠤᠨ᠂ ᠣᠶᠢᠵᠢᠭᠤᠯᠤᠨ ᠨᠤᠭᠤᠭᠠᠷᠠᠭᠤᠯᠤᠭᠰᠠᠨ | ᠲᠠᠯᠠᠪᠠᠶ 9200 ᠮᠦ ᠬᠦᠷᠪᠡ᠃ ᠪᠣᠬᠢᠷᠲᠤᠭᠰᠠᠨ ᠭᠠᠵᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠶ ᠲᠣᠭᠲᠠᠭᠤᠨ ᠢ | ᠪᠠᠲᠤᠯᠪᠠ᠃ 31 ᠠᠭᠤᠷᠬᠠᠶ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠪᠠᠷᠠᠭᠤᠨ ᠣᠷᠳᠣᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠠᠴᠠ ᠤᠬᠤᠷᠢᠨ ᠭᠠᠷᠴᠤ᠂ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠡᠭᠢᠯᠡᠬᠦᠯᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠠᠳᠬᠤᠨ᠂ ᠨᠡᠭᠡᠭᠡᠯᠲᠡ ᠶᠢ ᠠᠬᠢᠭᠤᠯᠵᠤ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ | ᠭᠤᠤᠯᠳᠠᠯᠭ᠎ᠠ ᠲᠠᠢ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠪᠠ᠃ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ᠂ ᠡᠪᠡᠳᠴᠢᠨ ᠡᠮᠭᠡᠭ ᠤᠨ ᠣᠨᠣᠰᠢᠯᠠᠯᠲᠠ ᠪᠠᠷ | ᠳᠤᠭᠤᠶᠢᠯᠠᠩ ᠬᠤᠪᠢᠶᠠᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ᠂ ᠬᠡᠷ ᠲᠡᠭᠡᠨ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠨᠢ ᠣᠯᠣᠰ ᠤᠨ ᠲᠤᠷᠰᠢᠯᠲᠠ | ᠶᠢᠨ ᠴᠡᠭ ᠪᠣᠯᠵᠣ᠂ ᠨᠡᠭᠦᠷᠡᠰᠦᠲᠥ᠋ᠷᠥᠭᠴᠢ ᠲᠤᠤᠷ᠎ᠠ ᠬᠤᠲᠠ ᠶᠢᠨ ᠲᠤᠷᠰᠢᠯᠲᠠ ᠶᠢᠨ ᠴᠡᠭ ᠵᠡᠷᠭᠡ 12 ᠵᠦᠢᠯ ᠤᠨ | ᠤᠯᠤᠰ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ | ᠤᠷᠤᠭᠰᠢᠲᠠᠶ ᠠᠭᠢᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠬᠠᠳᠠᠭᠠᠯᠠᠯᠳᠠ ᠶᠢᠨ ᠲᠠᠸᠠᠷ ᠤᠨ ᠭᠡᠷ ᠪᠠᠶᠢᠰᠢᠩ ᠢ 7080 ᠢᠵᠢ᠂ 74.5 ᠲᠦᠮᠡᠨ ᠲᠡᠭᠰᠢ | ᠳᠥᠷᠪᠡᠯᠵᠢᠨ ᠮᠧᠲᠷ ᠰᠢᠩᠭᠡᠭᠡᠵᠦ᠂ ᠠᠵᠤ ᠠᠬᠤᠶᠢᠯᠠᠯ ᠤᠨ ᠭᠠᠶᠢᠯᠢ ᠰᠦᠢᠳᠭᠡᠯ ᠢ 15.2 ᠳ᠋ᠦᠩᠰᠢᠭᠤᠷ ᠲᠥᠭᠦᠷᠢᠭ | ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠢ ᠬᠠᠪᠰᠤᠷᠤᠨ 63.8 ᠳ᠋ᠦᠩᠰᠢᠭᠤᠷ ᠲᠥᠭᠦᠷᠢᠭ ᠰᠢᠯᠵᠢᠭᠦᠯᠦᠨ | ᠦᠷᠭᠦᠯᠵᠢᠯᠡᠨ ᠵᠢᠭᠡᠯᠡᠭᠦᠯᠵᠦ᠂ ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶ᠎ᠠ ᠨᠢ ᠠᠵᠤ ᠠᠬᠤᠶᠢᠯᠠᠯ ᠳᠤ 5.4 | ᠳ᠋ᠦᠩᠰᠢᠭᠤᠷ ᠲᠥᠭᠦᠷᠢᠭ ᠤᠨ ᠴᠠᠬᠢᠯᠭᠠᠨ ᠤ ᠰᠦᠢᠳᠭᠡᠯ ᠢ ᠠᠷᠪᠢᠯᠠᠪᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠳᠡ ᠶᠢ ᠬᠡᠷᠡᠭᠵᠢᠭᠦᠯᠵᠦ᠂ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 100 ᠠᠵᠢᠯᠯᠠᠬᠤ ᠡᠳᠦᠷ ᠤᠨ ᠳᠣᠲᠣᠷ᠎ᠠ | ᠬᠦᠷᠲᠡᠯ᠎ᠡ ᠪᠣᠭᠤᠨᠢᠰᠬᠠᠵᠤ᠂ ᠪᠤᠭᠤᠨᠢᠰᠬᠠᠭᠰᠠᠨ ᠨᠣᠷᠮ᠎ᠠ ᠨᠢ 52.7% ᠳᠤ ᠬᠦᠷᠪᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠬᠦᠴᠦᠯᠡᠴᠡ ᠪᠠᠨ ᠨᠡᠮᠡᠭᠳᠡᠭᠦᠯᠵᠦ᠂ 386 ᠵᠦᠢᠯ ᠢ ︽ᠬᠠᠮᠤᠭ ᠣᠯᠠᠨ ᠳᠠᠭᠠᠨ | ᠨᠢᠭᠡ ᠯᠡ ᠤᠳᠠᠭ᠎ᠠ ᠭᠦᠶᠦᠯᠭᠡᠬᠦ︾ ᠪᠣᠯᠭᠠᠵᠤ᠂ ︽ᠰᠦᠯᠵᠢᠶᠡᠨ ᠳᠡᠭᠡᠷ᠎ᠡ ᠭᠦᠢᠴᠡᠳᠬᠡᠬᠦ︾ ᠵᠦᠢᠯᠡᠰ ᠢ 76% ᠳᠤ | ᠬᠦᠷᠭᠡᠵᠦ᠂ ᠠᠵᠤ ᠠᠬᠤᠶᠢᠯᠠᠯ ᠡᠷᠬᠢᠯᠡᠬᠦ ᠴᠠᠭ ᠢ 3 ᠡᠳᠦᠷ ᠤᠨ ᠳᠣᠲᠣᠷ᠎ᠠ ᠪᠣᠭᠤᠨᠢᠰᠬᠠᠵᠤ᠂ ᠡᠳᠦᠷ ᠪᠦᠷᠢ | ᠳᠤᠮᠳᠠᠴᠢ ᠪᠠᠷ 20 ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ ᠨᠡᠮᠡᠭᠳᠡᠪᠡ᠃ ᠮᠠᠨ ᠤ ᠬᠤᠲᠠ ᠶᠢᠨ | ᠬᠤᠳᠠᠯᠳᠤᠭᠠᠨ ᠤ ᠢᠲᠡᠭᠡᠮᠵᠢ ᠶᠢᠨ ᠣᠷᠴᠢᠨ ᠲᠣᠭᠤᠷᠢᠨ ᠤ ᠵᠢᠭᠠᠯᠲᠠ ᠲᠤᠭ᠎ᠠ ᠪᠦᠬᠦ ᠤᠯᠤᠰ ᠤᠨ ᠲᠤᠰᠬᠠᠢ | ᠣᠷᠣᠨ ᠤ ᠲᠡᠰ ᠤᠨ ᠬᠤᠲᠠ ᠶᠢᠨ ᠠᠷᠪᠠᠳᠤᠭᠠᠷ ᠲᠤ ᠵᠢᠭᠰᠠᠭᠠᠭᠳᠠᠪᠠ᠃ | ᠨᠡᠭᠡᠭᠡᠯᠲᠡ ᠪᠠ ᠬᠠᠮᠲᠤᠷᠠᠯᠴᠠᠭ᠎ᠠ ᠦᠷᠭᠦᠯᠵᠢᠯᠡᠨ ᠥᠷᠭᠡᠵᠢᠪᠡ᠃ ︽ᠥᠪᠥᠷ ᠮᠣᠩᠭᠤᠯ ᠧᠦ᠋ᠷᠣᠫᠠ︾ ᠶᠢᠨ | ᠣᠯᠠᠨ ᠤᠯᠤᠰ ᠤᠨ ᠵᠢᠰᠢᠶᠠᠨ ᠤ ᠭᠠᠯᠲᠤ ᠲᠡᠷᠭᠡ ᠶᠢᠨ ᠬᠡᠪᠰᠢᠭᠰᠡᠨ ᠡᠵᠡᠩᠨᠡᠯᠲᠡ ᠶᠢ ᠪᠡᠶᠡᠯᠡᠭᠦᠯᠵᠦ᠂ 30 ︽ᠨᠢᠭᠡ | ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ | ᠮᠣᠩᠭᠤᠯ ᠣᠯᠣᠰ ᠤᠨ ᠨᠡᠭᠦᠷᠡᠰᠦᠨ ᠤ ᠶᠡᠭᠡ ᠬᠡᠮᠵᠢᠶᠡᠨ ᠤ ᠦᠢᠯᠡᠳᠬᠦᠨ ᠤ ᠠᠷᠠᠯᠵᠢᠶᠠᠨ ᠤ ᠲᠠᠪᠴᠠᠩ ᠢ ᠡᠬᠢᠯᠡᠨ | ᠪᠠᠶᠢᠭᠤᠯᠪᠠ᠃ ᠭᠠᠳᠠᠭᠠᠳᠤ ᠠᠷᠠᠯᠵᠢᠶᠠᠨ ᠤ ᠶᠡᠷᠦᠩᠬᠡᠶ ᠬᠡᠮᠵᠢᠶ᠎ᠡ 5.8 ᠳ᠋ᠦᠩᠰᠢᠭᠤᠷ ᠲᠥᠭᠦᠷᠢᠭ ᠲᠤ ᠬᠦᠷᠴᠡᠶ᠃ | ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠵᠤ | ᠂ ᠠᠵᠤ ᠦᠢᠯᠡᠰ ᠤᠨ ᠬᠠᠮᠵᠢᠯᠴᠠᠭ᠎ᠠ᠂ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠵᠦ ᠬᠤᠯᠪᠣᠭᠠᠯᠠᠨ ᠵᠠᠰᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠪᠡ᠃ | ᠭᠠᠳᠠᠭᠠᠳᠤ ᠬᠠᠷᠢᠯᠴᠠᠭ᠎ᠠ ᠪᠠᠨ ᠥᠷᠭᠡᠳᠬᠡᠵᠦ᠂ ᠢᠲ᠋ᠠᠯᠢ ᠶᠢᠨ ᠫᠦᠷᠢᠶᠠ ᠶᠡᠭᠡ ᠣᠷᠣᠨ᠂ ᠺᠷᠤᠲ᠋ᠢᠶ᠎ᠠ ᠶᠢᠨ ᠧᠦ᠋ᠫᠰᠤᠨ | ᠬᠤᠳᠠ ᠵᠡᠷᠭᠡ ᠭᠠᠵᠠᠷ ᠣᠷᠣᠨ ᠯᠤᠭ᠎ᠠ ᠶᠢᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠪᠠ᠃ | ᠨᠢᠭᠡ ᠵᠢᠯ ᠤᠨ ᠲᠤᠷᠰᠢ᠂ ᠪᠢᠳᠡ ᠶᠠᠳᠠᠭᠤ ᠠᠴᠠ ᠠᠩᠭᠢᠵᠢᠷᠠᠭᠤᠯᠬᠤ ᠶᠢ ᠠᠳᠬᠤᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ︽ᠬᠤᠶᠠᠷ ᠲᠤ ᠵᠣᠪᠠᠭ᠋ᠤ ᠥᠬᠡᠶ᠂ | ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠣᠯ ᠢᠶᠠᠨ ᠲᠥᠪᠯᠡᠷᠡᠭᠦᠯᠵᠦ᠂ | ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠥᠭᠡᠷᠡᠴᠢᠯᠡᠨ | ᠰᠢᠨᠡᠳᠬᠡᠬᠦ᠂ ᠠᠮᠤᠷ ᠲᠦᠪᠰᠢᠨ ᠤᠤᠭᠤᠬᠤ ᠤᠰᠤ ᠵᠡᠷᠭᠡ ᠠᠷᠪᠠᠨ ᠵᠦᠢᠯ ᠤᠨ ᠬᠦᠢᠴᠡᠳᠭᠡᠯ ᠲᠤᠭ᠎ᠠ ᠶᠢ ᠪᠦᠬᠦᠨ ᠢ | ︽ᠴᠡᠪᠡᠷᠯᠡᠨ ᠠᠷᠢᠯᠭᠠᠵᠤ ᠪᠠᠷᠢᠮᠵᠢᠶ᠎ᠠ ᠳᠤ ᠬᠦᠷᠭᠡᠬᠦ︾ ᠪᠣᠯᠭᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ 7013 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.67% ᠶᠢᠨ ᠨᠡᠯᠢᠶᠡᠳ ᠳᠣᠤᠷ᠎ᠠ | ᠲᠦᠪᠰᠢᠨ ᠳᠤ ᠬᠢᠵᠠᠭᠠᠷᠯᠠᠵᠤ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠥᠬᠡᠶ | ᠪᠣᠯᠭᠠᠪᠠ᠃ ᠨᠠᠰᠤᠵᠢᠯ ᠤᠨ ᠦᠨᠳᠦᠰᠦᠨ ᠠᠰᠠᠷᠠᠮᠵᠢ᠂ ᠡᠮᠴᠢᠯᠡᠭᠡ ᠵᠡᠷᠭᠡ ᠳᠠᠭᠠᠳᠬᠠᠯ ᠤᠨ ᠬᠠᠮᠤᠷᠬᠤ ᠬᠡᠪᠴᠢᠶ᠎ᠡ | ᠲᠠᠰᠤᠷᠠᠯᠲᠠ ᠦᠭᠡᠢ ᠥᠷᠭᠡᠳᠴᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠠᠷᠪᠠᠨ ᠲᠠᠪᠤᠨ ᠵᠢᠯ ᠳᠠᠷᠠᠭᠠᠯᠠᠨ ᠥᠰᠬᠡᠬᠦ ᠶᠢ ᠪᠡᠶᠡᠯᠡᠭᠦᠯᠪᠡ᠃ 80 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠲᠤ 1300 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ ᠬᠤᠳᠠ | ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠲᠣᠰ ᠲᠣᠰ 57% ᠪᠠ | 70% ᠬᠥᠷᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 680 ᠲᠥᠭᠦᠷᠢᠭ | ᠪᠠᠶᠢᠭᠰᠠᠨ ᠠᠴᠠ 720 ᠲᠥᠭᠦᠷᠢᠭ ᠪᠣᠯᠭᠠᠨ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ | ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1600 ᠲᠥᠭᠦᠷᠢᠭ ᠪᠣᠯᠭᠠᠵᠤ᠂ ᠴᠥᠮ | ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠭᠤᠯᠪᠠ᠃ ᠳᠦᠬᠦᠮ ᠪᠦᠳᠦᠴᠡᠳᠦ ᠲᠤᠭᠤᠷᠢᠭ ᠢ | ᠥᠭᠡᠷᠡᠴᠢᠯᠡᠬᠦ ᠣᠷᠣᠨ ᠰᠠᠭᠤᠴᠠ ᠶᠢ 8085 ᠢᠵᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 6270 ᠢᠵᠢ | ᠣᠷᠣᠨ ᠰᠠᠭᠤᠴᠠ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠭᠡᠷ ᠪᠠᠶᠢᠰᠢᠩ ᠭᠠᠵᠠᠷ ᠰᠢᠷᠣᠶ ᠶᠢᠨ | ᠬᠦᠷᠦᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠪᠴᠢᠯᠡᠨ | ᠰᠢᠢᠳᠪᠦᠷᠢᠯᠡᠵᠦ᠂ 14 ︽ᠪᠠᠷᠢᠵᠦ ᠲᠠᠭᠤᠰᠬᠠᠭᠰᠠᠨ ᠦᠭᠡᠢ ᠪᠠᠷ ᠣᠷᠭᠢᠭᠰᠠᠨ ᠠᠰᠠᠷ︾ ᠠᠵᠢᠯ ᠢᠶᠠᠨ ᠰᠡᠷᠭᠦᠭᠡᠵᠦ᠂ 7. | 9 ᠲᠦᠮᠡᠨ ᠡᠷᠤᠭᠡ ᠤᠯᠠᠨ ᠲᠦᠮᠡᠨ ᠳᠤ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠤᠨ ᠲᠠᠩᠰᠠᠯᠠᠯᠳᠠ | ᠬᠢᠵᠦ ᠥᠭᠪᠡ᠃ ᠮᠠᠨ ᠤ ᠬᠤᠲᠠ 2019 ᠣᠨ ᠤ ᠪᠥᠬᠦ ᠤᠯᠤᠰ ᠤᠨ ᠲᠤᠰᠬᠠᠶ ᠣᠷᠣᠨ ᠤ ᠲᠠᠰ ᠤᠨ ᠬᠤᠲᠠ ᠶᠢᠨ | ᠠᠷᠠᠳ ᠤᠨ ᠠᠮᠢᠳᠤᠷᠠᠯ ᠤᠨ ᠬᠦᠭᠵᠢᠯᠳᠡ ᠶᠢᠨ 100 ᠬᠦᠴᠦᠷᠬᠡᠭ ᠤᠨ ᠳᠤᠮᠳᠠ 46 ᠳ᠋ᠣᠭᠠᠷ ᠲᠤ ᠵᠢᠭᠰᠠᠭᠠᠭᠳᠠᠪᠠ᠃ | ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ 6 ᠬᠡᠤᠬᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ | ᠴᠡᠴᠡᠷᠯᠢᠭ ᠤᠨ ᠬᠠᠷᠢᠴᠠᠯ ᠢ 93% ᠳᠤ ᠬᠦᠷᠦᠭᠦᠯᠪᠠ᠃ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠥᠷᠥᠯ ᠵᠦᠢᠯ᠂ ᠬᠤᠳᠠ ᠶᠢᠨ ᠠᠷᠪᠠᠳᠤᠭᠠᠷ ᠳᠤᠮᠳᠠᠳᠤ | ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠶᠢᠨ ᠨᠢᠭᠡᠳᠦᠭᠡᠷ | ᠡᠬᠡᠯᠵᠢ ᠶᠢᠨ ᠬᠤᠪᠢᠨ ᠤ ᠪᠠᠷᠢᠮᠵᠢᠶ᠎ᠠ ᠶᠢ ᠲᠠᠪᠠᠭᠰᠠᠨ ᠬᠥᠮᠦᠨ ᠤ ᠲᠤᠭ᠎ᠠ ᠶᠢ ᠠᠷᠪᠠᠨ ᠵᠢᠯ ᠳᠠᠷᠠᠭᠠᠯᠠᠨ ᠨᠡᠮᠡᠭᠳᠡᠭᠦᠯᠪᠡ᠃ | ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠶᠢᠨ ᠱᠠᠩᠨᠠᠯ ᠪᠠ | ᠰᠣᠷᠭᠠᠭᠤᠯᠢ ᠶᠢᠨ ᠳᠠᠷᠤᠭ᠎ᠠ ᠶᠢᠨ ᠲᠤᠰᠢᠶᠠᠯ ᠤᠨ ᠲᠡᠰ ᠤᠨ ᠬᠠᠷᠠᠭᠠᠯᠵᠠᠯ ᠢ ᠬᠡᠷᠡᠭᠵᠢᠭᠦᠯᠵᠦ᠂ ᠨᠢᠭᠡ ᠪᠦᠯᠦᠭ ᠥᠨᠳᠥᠷ | ᠬᠡᠪ ᠴᠢᠨᠠᠷ ᠪᠦᠬᠦᠢ ᠵᠠᠯᠠᠭᠤ ᠪᠠᠭᠰᠢ ᠶᠢ ᠣᠷᠣᠭᠤᠯᠤᠨ ᠠᠪᠴᠢᠷᠠᠵᠤ᠂ ᠪᠠᠭᠰᠢ ᠶᠢᠨ ᠡᠩᠨᠡᠭᠡᠨ ᠤ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠦᠭᠵᠢᠬᠡᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠪᠡᠳᠴᠢᠨ ᠤ ᠲᠦᠷᠦᠯ ᠢᠶᠠᠷ ᠵᠠᠷᠤᠳᠠᠯ ᠲᠤᠰᠢᠶᠠᠬᠤ ᠲᠤᠭ᠎ᠠ ᠬᠡᠮᠵᠢᠶ᠎ᠡ ᠶᠢ | 240 ᠪᠣᠯᠭᠠᠨ ᠥᠷᠭᠡᠳᠬᠡᠵᠦ᠂ ᠡᠮ ᠤᠨ ᠵᠦᠢᠯ ᠢ ᠬᠤᠳᠠᠯᠳᠣᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ | 13.5% ᠪᠠᠷ ᠪᠠᠭᠤᠷᠠᠪᠠ᠃ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠤᠶᠠᠳᠤᠭᠠᠷ | ᠬᠤᠭᠤᠴᠠᠭ᠎ᠠ ᠶᠢ ᠠᠰᠢᠭᠯᠠᠯᠲᠠ ᠳᠤ ᠣᠷᠣᠭᠤᠯᠵᠣ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ | ᠡᠮᠨᠡᠯᠭᠡ ᠶᠢᠨ ᠠᠰᠠᠷ ᠢ ᠲᠦᠷᠭᠡᠳᠬᠡᠨ ᠪᠠᠶᠢᠭᠤᠯᠪᠠ᠃ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶ᠎ᠠ ᠤᠯᠤᠰ ᠤᠨ ᠭᠤᠷᠪᠠᠨ ᠬᠥᠬᠡ ᠲᠡᠰ ᠤᠨ ᠰᠢᠯᠭᠠᠨ ᠲᠣᠭᠲᠠᠭᠠᠯᠲᠠ ᠶᠢ ᠥᠩᠭᠡᠷᠡᠭᠡᠵᠡᠶ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠠᠢ ᠤᠶᠠᠯᠳᠤᠭᠤᠯᠤᠨ᠂ ᠤᠯᠠᠨ ᠲᠦᠮᠡᠨᠴᠢ ᠴᠢᠨᠠᠷᠲᠠᠶ | ᠰᠣᠶᠣᠯ ᠤᠨ ᠠᠵᠢᠯᠯᠠᠭ᠎ᠠ ᠶᠢ 290 ᠭᠠᠷᠤᠶ ᠤᠳᠠᠭ᠎ᠠ ᠥᠷᠨᠢᠭᠦᠯᠪᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠦᠨᠳᠦᠰᠦᠳᠡᠨ ᠨᠦᠭᠦᠳ ᠤᠨ | ᠠᠷᠠᠳ ᠲᠦᠮᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ | ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠳᠠᠯᠳᠤᠭᠠᠴᠢᠳ ᠤᠨ | ᠶᠡᠭᠡ ᠬᠤᠷᠠᠯ ᠢ ᠠᠮᠵᠢᠯᠲᠠ ᠲᠠᠢ ᠲᠠᠭᠠᠭᠠᠴᠢᠯᠠᠨ ᠡᠷᠭᠢᠯᠡᠵᠦ᠂ 2019 ᠣᠨ ᠤ ᠳᠤᠮᠳᠠᠳᠤ ᠤᠯᠤᠰ · ᠦᠬᠠᠶ ᠶᠢᠨ | ᠡᠯᠡᠰᠦᠨ ᠴᠥᠯ ᠤᠨ ᠦᠵᠦᠮ ᠤᠨ ᠠᠷᠢᠬᠢᠨ ᠤ ᠰᠣᠶᠣᠯ ᠵᠢᠭᠤᠯᠴᠢᠯᠠᠯ ᠤᠨ ᠨᠠᠶᠢᠷ ᠵᠡᠷᠭᠡ ᠴᠢᠬᠤᠯᠠ ᠶᠡᠭᠡ | ᠠᠵᠢᠯᠯᠠᠭ᠎ᠠ ᠶᠢ ᠡᠷᠭᠢᠯᠡᠵᠦ᠂ ᠬᠤᠳᠠ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠲᠡᠭᠡᠭᠰᠢᠯᠡᠬᠦᠯᠪᠡ᠃ | ᠨᠢᠭᠡ ᠵᠢᠯ ᠤᠨ ᠲᠤᠷᠰᠢ᠂ ᠪᠢᠳᠡ ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠤᠷ ᠲᠦᠪᠰᠢᠨ ᠢ ᠪᠠᠲᠤᠯᠠᠵᠤ᠂ | ᠨᠡᠶᠢᠭᠡᠮ ᠤᠨ ᠶᠡᠭᠡ ᠲᠠᠯ᠎ᠠ ᠲᠣᠭᠲᠠᠭᠤᠨ ᠢᠶᠠᠷ ᠰᠠᠶᠢᠵᠢᠷᠠᠪᠠ᠃ | ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠨᠠᠮᠳᠠᠭᠤᠯᠵᠤ᠂ ᠲᠥᠰᠦᠪ ᠤᠨ | ᠲᠣᠬᠢᠷᠠᠭᠤᠯᠤᠯᠲᠠ᠂ ᠡᠳ᠋ ᠬᠦᠷᠦᠩᠭᠡ ᠶᠢ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠶᠢ ᠠᠪᠴᠤ᠂ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢ 34.9 ᠳ᠋ᠦᠩᠰᠢᠭᠤᠷ ᠲᠥᠭᠦᠷᠢᠭ ᠨᠠᠮᠳᠠᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠦᠷᠢᠲᠦᠵᠦ ᠪᠠᠶᠢᠭ᠎ᠠ ᠳᠠᠩᠰᠠᠨ | ᠵᠣᠭᠤᠰ ᠢ ᠴᠡᠪᠡᠷᠯᠡᠬᠦ ᠣᠨ ᠤ ᠡᠭᠦᠷᠭᠡ ᠪᠠᠨ ᠪᠡᠶᠡᠯᠡᠭᠦᠯᠪᠡ᠃ ᠪᠤᠭᠤᠲᠤ ᠶᠢᠨ ᠬᠤᠳᠠᠯᠳᠤᠭᠠᠨ ᠤ ᠪᠠᠩᠬᠢ ᠶᠢ | ᠰᠢᠯᠵᠢᠭᠦᠯᠦᠨ ᠲᠤᠰᠢᠶᠠᠵᠤ ᠭᠥᠯᠢᠶᠡᠨ ᠠᠪᠴᠤ ᠬᠠᠮᠢᠶᠠᠷᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ | ᠠᠪᠴᠠᠭᠠᠨ ᠤ ᠡᠷᠬᠡ ᠶᠢ ᠰᠣᠯᠢᠵᠤ ᠥᠭᠬᠦ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠠᠶᠤᠯᠭᠦᠶ | ᠦᠢᠯᠡᠳᠪᠦᠷᠢᠯᠡᠯ ᠤᠨ ︽ᠭᠤᠷᠪᠠᠨ ᠬᠠᠷᠢᠭᠤᠴᠠᠯᠭ᠎ᠠ︾ ﹇5﹈ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯᠳᠠ ᠭᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠠᠶᠤᠯ ᠲᠦᠭᠰᠢᠭᠦᠷᠢ ᠶᠢ ᠱᠠᠳᠤ ᠬᠤᠪᠢᠶᠠᠨ ᠬᠠᠮᠢᠶᠠᠷᠤᠨ ᠡᠵᠡᠮᠳᠡᠬᠦ | ᠡᠷᠴᠢᠮ ᠢᠶᠠᠨ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠶᠡᠷᠦᠩᠬᠡᠶ ᠲᠣᠭᠲᠠᠭᠤᠨ ᠢ | ᠪᠠᠲᠤᠯᠠᠪᠠ᠃ ᠬᠤᠯᠤᠭᠠᠨ᠎ᠠ ᠶᠢᠨ ᠬᠢᠵᠢᠭ ᠢ ᠴᠢᠩᠭ᠎ᠠ ᠰᠡᠷᠭᠡᠶᠢᠯᠡᠨ ᠡᠵᠡᠮᠳᠡᠵᠦ᠂ ᠠᠹᠷᠢᠺᠠ ᠲᠢᠪ ᠤᠨ ᠭᠠᠭ᠋ᠠᠶ ᠶᠢᠨ | ᠬᠢᠵᠢᠭ ︽ᠡᠰᠡ ᠡᠭᠦᠰᠬᠦ︾ ᠶᠢ ᠦᠷᠭᠦᠯᠵᠢᠯᠡᠨ ᠪᠠᠲᠤᠯᠠᠪᠠ᠃ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠵᠢᠭᠰᠠᠭᠠᠨ | ᠪᠠᠶᠢᠴᠠᠭᠠᠬᠤ ᠠᠵᠢᠯ ᠢ ᠴᠢᠩᠭᠠᠳᠬᠠᠵᠤ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ ᠵᠡᠷᠭᠡ ᠨᠢᠭᠡ ᠪᠦᠯᠦᠭ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠣᠬᠢᠲᠠᠢ ᠰᠢᠢᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠳᠥᠯᠭᠢᠨ ᠠᠬᠢᠭᠤᠯᠵᠤ᠂ 24 ᠬᠠᠷ᠎ᠠ ᠪᠦᠯᠦᠭᠲᠡᠨ ᠬᠠᠷᠭᠢᠰ ᠬᠦᠴᠦᠨ ᠤ | ᠪᠦᠯᠬᠦᠮ ᠳᠤ ᠴᠣᠬᠢᠯᠳᠠ ᠦᠭᠴᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠰᠠᠮᠠᠭᠤᠨ | ᠦᠵᠡᠭᠳᠡᠯ ᠢ ᠵᠠᠰᠠᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ | ᠨᠢᠭᠡ ᠵᠢᠯ ᠤᠨ ᠲᠤᠷᠰᠢ᠂ ᠪᠢᠳᠡ ᠣᠪᠣᠷ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ | ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠦᠮᠦᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠰᠤᠷᠲᠠᠯ ᠢ | ᠦᠷᠭᠦᠯᠵᠢᠯᠡᠨ ᠬᠤᠪᠢᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ᠂ ᠠᠵᠢᠯ ᠤᠨ ᠬᠢᠨᠠᠯᠲᠠ ᠪᠠ ᠣᠯᠣᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠰᠠᠨᠠᠭᠠᠴᠢᠯᠠᠭ᠎ᠠ ᠠᠴᠠ ᠪᠠᠨ ᠭᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ | 294 ᠬᠤᠪᠢ ᠰᠢᠢᠳᠪᠦᠷᠢᠯᠡᠵᠦ᠂ ᠬᠠᠨᠤᠮᠵᠢ ᠶᠢᠨ ᠨᠤᠷᠮ᠎ᠠ 98% ᠠᠴᠠ ᠳᠡᠭᠡᠭᠰᠢ ᠬᠦᠷᠴᠡᠶ᠃ ᠵᠠᠰᠠᠭ ᠤᠨ | ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ | ᠂ ᠬᠠᠤᠯᠢ ᠶᠣᠰᠣᠭᠠᠷ ᠵᠠᠰᠠᠭ ᠶᠠᠪᠤᠭᠤᠯᠬᠤ ᠡᠭᠦᠷᠭᠡ ᠴᠢᠳᠠᠪᠤᠷᠢ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ | ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠭᠦᠨᠵᠡᠭᠡᠶᠢᠷᠡᠭᠦᠯᠵᠦ᠂ ᠪᠦᠬᠦ | ᠨᠡᠶᠢᠭᠡᠮ ᠤᠨ ᠬᠠᠤᠯᠢ ᠪᠠᠷ ᠵᠠᠰᠠᠬᠤ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠪᠡ᠃ ᠬᠢᠨᠠᠨ ᠪᠤᠳᠤᠵᠤ ᠬᠢᠨᠠᠯᠲᠠ | ᠲᠠᠯᠪᠢᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ | ᠠᠬᠢᠭᠤᠯᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠥᠷᠪᠡᠨ ᠰᠤᠷᠲᠠᠯ︾ ᠢ ᠲᠠᠰᠤᠷᠠᠯᠲᠠ ᠥᠬᠡᠶ | ᠴᠡᠭᠴᠡᠯᠡᠨ ᠵᠠᠰᠠᠵᠤ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ᠂ ᠬᠤᠷᠠᠯ ᠤᠨ ᠲᠤᠭ᠎ᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 35.9%᠂ 42% ᠪᠠᠭᠤᠷᠠᠪᠠ᠃ ᠦᠬᠠᠶ ᠬᠤᠳᠠ 2019 ᠣᠨ ᠤ | ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠵᠢᠭᠰᠠᠭᠠᠯᠳᠠ ᠶᠢᠨ | 10 ᠳ᠋ᠤᠭᠠᠷ ᠲᠤ ᠵᠢᠭᠰᠠᠭᠠᠭᠳᠠᠪᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ | ︽ᠭᠤᠷᠪᠠᠨ ᠵᠦᠢᠯ ᠤᠨ ᠠᠯᠪᠠᠨ ᠤ ᠵᠠᠷᠣᠳᠠᠯ︾ ᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ | 10% ᠪᠠᠷ ᠪᠠᠭᠠᠰᠬᠠᠪᠠ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ | ᠵᠡᠷᠭᠡ ᠠᠷᠠᠳ ᠤᠨ ᠪᠦᠯᠬᠦᠮ ᠪᠣᠯᠤᠨ ᠨᠡᠶᠢᠭᠡᠮ ᠤᠨ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ | ᠦᠷᠨᠢᠬᠦᠯᠬᠦ ᠶᠢ ᠪᠦᠬᠦ ᠬᠦᠴᠦᠨ ᠢᠶᠠᠷ ᠲᠡᠮᠵᠢᠪᠡ᠃ ᠦᠨᠳᠦᠰᠦᠲᠡᠨ ᠱᠠᠰᠢᠨ ᠰᠤᠷᠲᠠᠬᠤᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠢᠳᠡᠭᠡᠨ ᠪᠠ ᠡᠮ ᠤᠨ ᠵᠦᠢᠯ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠠᠭ ᠠᠭᠤᠷ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠳᠠᠩᠰᠠ | ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠷᠠᠳᠢᠣ᠋ ᠨᠡᠪᠲᠡᠷᠡᠭᠦᠯᠭᠡ ᠺᠢᠨᠣ᠋ | ᠲᠧᠯᠸᠢᠰ ᠵᠡᠷᠭᠡ ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠣᠯᠪᠠ᠃ | ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠪᠢᠳᠠ ᠰᠠᠨᠠᠭᠠᠴᠢᠯᠠᠭ᠎ᠠ ᠠᠴᠠ ᠪᠠᠨ ᠥᠷᠢᠰᠥᠯᠳᠦᠭᠡᠨ ᠢ | ᠠᠷᠭᠠᠴᠠᠭᠠᠵᠦ᠂ ᠬᠦᠴᠦ ᠪᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠲᠠᠪᠠᠵᠦ᠂ ᠠᠮᠵᠢᠯᠲᠠ | ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠃ ᠡᠨᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ | ᠴᠢᠩᠭ᠎ᠠ ᠤᠳᠤᠷᠢᠳᠤᠯᠭ᠎ᠠ᠂ ᠬᠠᠯᠠᠮᠵᠢᠯᠠᠵᠤ ᠬᠠᠷᠠᠭᠠᠯᠵᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠨᠠᠮ ᠤᠨ | ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠳᠡᠮᠵᠢᠯᠭᠡ᠂ ᠪᠦᠲᠦᠮᠵᠢᠲᠡᠶ ᠬᠢᠨᠠᠯᠲᠠ ᠲᠠᠯᠪᠢᠭᠰᠠᠨ ᠤ | ᠦᠷ᠎ᠡ ᠳ᠋ᠦᠩ ᠮᠥᠨ᠂ ᠪᠥᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ | ᠰᠢᠷᠭᠠᠭᠤ ᠠᠵᠢᠯᠯᠠᠵᠤ ᠪᠣᠳᠠᠲᠠᠶ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ᠂ | ᠲᠥᠯᠥᠭᠡᠯᠡᠭᠴᠢᠳ ᠲᠤ᠂ ᠭᠡᠰᠢᠭᠦᠳ ᠲᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠣᠭᠠᠨ ᠤ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠳᠤ᠂ ᠦᠬᠠᠢ ᠶᠢᠨ ᠬᠥᠭᠵᠢᠯᠲᠡ ᠶᠢ | ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠡᠲᠡᠭᠡᠳ ᠤᠨ ᠬᠥᠮᠦᠰ ᠲᠤ ᠡᠷᠬᠢᠮ ᠲᠡᠭᠡᠲᠤ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠤᠷᠤᠭᠰᠢᠯᠠᠬᠤ ᠵᠠᠮ ᠳᠤᠷ ᠲᠡᠭᠰᠢ ᠳᠠᠷᠳᠠᠩ ᠵᠠᠮ ᠬᠡᠵᠦ ᠦᠭᠡᠢ ᠪᠠᠶᠢᠳᠠᠭ᠃ | ᠦᠬᠠᠢ ᠶᠠᠭ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠳᠠᠪᠠᠭ᠎ᠠ ᠳᠠᠪᠠᠵᠤ ᠪᠡᠷᠭᠡ ᠶᠢ ᠲᠤᠭᠤᠯᠬᠤ | ᠵᠠᠩᠭᠢᠯᠭ᠎ᠠ ᠶᠢᠨ ᠴᠠᠭ ᠦᠶ᠎ᠡ ᠳᠤ ᠣᠷᠣᠰᠢᠵᠤ᠂ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ | ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠃ ᠪᠦᠳᠦᠭᠦᠯᠢᠭ ᠮᠠᠶ᠋ᠢᠭ ᠤᠨ ᠬᠥᠭᠵᠢᠯᠲᠡ ᠶᠢᠨ ᠠᠷᠭ᠎ᠠ ᠮᠠᠶ᠋ᠢᠭ ᠢ | ᠬᠠᠷᠠᠬᠠᠨ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠭᠡᠢ᠂ ᠰᠢᠨ᠎ᠡ ᠬᠥᠳᠡᠯᠭᠡᠭᠴᠢ ᠡᠨᠧᠷᠭᠢ ᠶᠢᠨ | ᠪᠤᠶᠢᠵᠢᠯᠲᠠ ᠶᠢ ᠴᠢᠩᠭᠠᠳᠬᠠᠬᠤ ᠴᠢᠬᠤᠯᠠᠲᠠᠶ ᠪᠠᠶᠢᠨ᠎ᠠ︔ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠡᠭᠦᠷᠭᠡ ᠮᠥᠨ ᠬᠦ ᠨᠦᠰᠡᠷ ᠬᠦᠨᠳᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠠᠯ᠎ᠠ ᠪᠠᠷ ᠪᠠᠰᠠ | ᠲᠤᠪᠤᠶᠢᠮ᠎ᠠ ᠳᠤᠲᠠᠭᠤᠳᠠᠯ ᠣᠷᠣᠰᠢᠵᠤ ᠪᠠᠶᠢᠨ᠎ᠠ︔ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠡᠷᠴᠢᠮ ᠢ ᠪᠠᠰᠠ ᠴᠢᠩᠭᠠᠷᠠᠭᠤᠯᠬᠤ ᠴᠢᠬᠤᠯᠠᠳᠠᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠯᠡ ᠵᠠᠷᠢᠮ ᠬᠦᠴᠢᠷ | ᠠᠰᠠᠭᠤᠳᠠᠯ ᠲᠦᠭᠵᠢᠷᠡᠵᠦ ᠪᠠᠶᠢᠭ᠎ᠠ ᠠᠰᠠᠭᠤᠳᠠᠯ ᠣᠷᠣᠰᠢᠵᠤ᠂ ᠨᠡᠶᠢᠭᠡᠮ ᠤᠨ ᠤᠯᠠᠨ ᠨᠡᠶᠢᠲᠡ ᠶᠢᠨ ᠦᠢᠯᠡᠴᠢᠯᠡᠭᠡ ᠪᠠ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠮᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠬᠦᠨᠳᠦ ᠨᠣᠴᠢᠲᠠᠶ | ᠨᠦᠯᠦᠭᠡ ᠦᠵᠡᠬᠦᠯᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠡᠭᠡᠭᠦᠯᠦᠨ ᠠᠪᠴᠢᠷᠠᠬᠤ᠂ ᠨᠡᠬᠡᠵᠦ | ᠠᠪᠴᠢᠷᠠᠬᠤ᠂ ᠠᠮᠵᠢᠵᠦ ᠠᠪᠴᠢᠷᠠᠬᠤ ᠡᠭᠦᠷᠭᠡ ᠲᠦᠢᠯ ᠤᠨ ᠲᠤᠯᠭᠠᠮ᠎ᠠ ᠪᠥᠭᠡᠳ ᠪᠡᠷᠬᠡ ᠬᠠᠲᠠᠭᠤᠵᠢᠯᠲᠠᠶ ᠪᠠᠶᠢᠨ᠎ᠠ᠃ | ᠡᠳᠡᠭᠡᠷ ᠠᠰᠠᠭᠤᠳᠠᠯ ᠳᠤ ᠪᠢᠳᠡ ᠵᠠᠪᠠᠯ ᠨᠠᠩ ᠣᠨᠣᠪᠴᠢᠲᠠᠢ ᠪᠥᠭᠡᠳ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠨᠠᠷᠢᠨ ᠬᠢᠨᠠᠮᠠᠭᠠᠢ ᠰᠢᠢᠳᠪᠦᠷᠢᠯᠡᠵᠦ᠂ ᠰᠢᠨ᠎ᠡ ᠠᠮᠵᠢᠯᠲᠠ ᠪᠠᠷ ᠢᠶᠠᠨ ᠪᠦᠬᠦ ᠬᠤᠲᠠ ᠶᠢᠨ ᠠᠷᠠᠳ ᠲᠦᠮᠡᠨ ᠤ ᠬᠦᠰᠡᠯ | ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠠᠷᠢᠭᠤᠯᠬᠤ ᠬᠡᠷᠡᠭᠲᠡᠢ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠳᠠ ᠣᠯᠬᠤ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ᠂ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠬᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠲᠤᠷ ᠰᠠᠭᠤᠷᠢ | ᠲᠠᠯᠪᠢᠬᠤ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ | ᠴᠢᠬᠤᠯᠠ ᠨᠢᠭᠡ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ | ᠪᠥᠬᠦ ᠲᠠᠯ᠎ᠠ ᠪᠠᠷ ᠪᠡᠶᠡᠯᠡᠬᠦᠯᠬᠦ ᠬᠠᠷᠠᠯᠳᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ | ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠳᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ | ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ | ᠰᠠᠶᠢᠲᠤᠷ ᠬᠢᠵᠦ᠂ ︽ᠲᠠᠪᠤᠨ ᠣᠷᠣᠨ︾ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ | ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ | ᠪᠠᠲᠤᠯᠠᠬᠤ ᠶᠢ ᠨᠢᠭᠡᠳᠦᠯᠲᠡᠶ ᠲᠦᠯᠦᠪᠯᠡᠨ ᠠᠬᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ | ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ ᠵᠦᠶ | ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ | ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠨ᠎ᠠ᠃ | ᠡᠨᠡ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠲᠥᠪ ᠤᠨ ᠶᠡᠷᠦᠩᠬᠡᠢ ᠱᠠᠭᠠᠷᠳᠠᠯᠭ᠎ᠠ ᠪᠠ ᠥᠪᠡᠷᠲᠡᠭᠡᠨ | ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠲᠠᠯ᠎ᠠ ᠶᠢᠨ ᠬᠦᠴᠦᠨ | ᠵᠦᠢᠯ ᠢ ᠪᠤᠲᠤᠯᠬᠢᠯᠡᠵᠦ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠦᠨ᠎ᠡ︔ | ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠬᠦᠯᠬᠦ ᠠᠵᠢᠯ ᠣᠯᠭᠤᠯᠳᠠ ᠶᠢ 5000 ᠬᠥᠮᠦᠨ ᠠᠴᠠ ᠳᠡᠭᠡᠭᠰᠢ ᠪᠤᠯᠭᠠᠵᠦ | ᠂ ᠬᠤᠲᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ | ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3.5% | ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ | ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭᠠᠨ ᠤ | ᠬᠦᠢᠴᠡᠳᠭᠡᠯ ᠲᠤᠭ᠎ᠠ ᠶᠢ ᠲᠣᠰ ᠲᠣᠰ 8%᠂ 8%᠂ 5%᠂ 4% ᠪᠠᠷ ᠨᠡᠮᠡᠭᠳᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢᠨ ᠬᠡᠷᠡᠭᠴᠡᠭᠡ ᠶᠢ ᠲᠤᠯᠭᠠᠭᠤᠷᠢᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠬᠤᠲᠠ ᠶᠢᠨ ᠨᠠᠮ ᠤᠨ | ᠬᠤᠷᠢᠶᠠᠨ ᠤ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ ᠬᠤᠲᠠ ᠶᠢᠨ ᠨᠠᠮ ᠤᠨ ᠬᠤᠷᠢᠶᠠᠨ ᠤ ᠡᠨᠡ ᠵᠢᠯ ᠤᠨ | ᠠᠵᠤ ᠠᠬᠤᠶ ᠶᠢᠨ ᠠᠵᠢᠯ ᠤᠨ ᠲᠤᠬᠠᠶ ︽ᠳᠥᠷᠪᠡᠨ ᠭᠦᠨᠵᠡᠭᠡᠶ ᠣᠶᠢᠯᠠᠭᠠᠯᠲᠠ︾ ᠶᠢᠨ ᠴᠢᠬᠤᠯᠠ ᠱᠠᠭᠠᠷᠳᠠᠯᠭ᠎ᠠ ᠶᠢ | ᠣᠨᠣᠪᠴᠢᠲᠠᠶ ᠡᠵᠡᠮᠰᠢᠵᠦ᠂ ᠴᠠᠭ ᠪᠢᠳᠡᠨ ᠢ ᠬᠦᠯᠢᠶᠡᠬᠦ ᠦᠭᠡᠶ ᠬᠡᠰᠡᠨ ᠡᠷᠴᠢ ᠵᠣᠷᠢᠭ᠂ ᠰᠢᠨᠲᠠᠷᠠᠰᠢ ᠦᠭᠡᠶ | ᠣᠷᠣᠭᠰᠢᠯᠠᠬᠤ ᠬᠠᠳᠠᠨ ᠵᠣᠷᠢᠭ ᠢᠶᠠᠷ ᠨᠠᠶᠢᠳᠠᠪᠤᠷᠢᠵᠢᠭᠤᠯᠤᠯᠳᠠ᠂ ᠰᠢᠪᠲᠤᠯᠤᠯᠳᠠ ᠶᠢ ᠠᠳᠬᠤᠵᠤ᠂ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠵᠢᠱᠢᠶ᠎ᠡ ᠦᠵᠡᠭᠦᠯᠬᠦ ᠣᠷᠣᠨ ᠤ ᠲᠤᠯᠭᠠᠭᠤᠷᠢᠯᠠᠬᠤ ᠰᠢᠰᠲ᠋ᠧᠮᠵᠢ ᠶᠢ | ᠦᠨᠳᠦᠰᠦᠨ ᠳᠡᠭᠡᠨ ᠪᠦᠷᠢᠯᠳᠦᠭᠦᠯᠬᠦ ᠶᠢ ᠠᠬᠢᠭᠤᠯᠵᠤ᠂ ᠬᠤᠲᠠ ᠬᠥᠳᠡᠭᠡ ᠶᠢ ᠠᠭᠤᠰᠣᠯᠴᠠᠭᠤᠯᠤᠭᠰᠠᠨ ᠬᠤᠰᠢᠭᠤᠴᠢ | ᠣᠷᠣᠨ ᠤ ᠠᠵᠢᠯᠯᠠᠭᠠᠨ ᠤ ᠵᠠᠭᠪᠤᠷ ᠢ ᠦᠨᠳᠦᠰᠦᠨ ᠳᠡᠭᠡᠨ ᠪᠠᠶᠢᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠬᠡᠯ ᠢ ᠦᠨᠳᠦᠰᠦᠨ ᠳᠡᠭᠡᠨ ᠪᠠᠬᠢᠵᠢᠭᠦᠯᠬᠦ ᠶᠢ ᠠᠬᠢᠭᠤᠯᠵᠤ᠂ ᠪᠠᠯᠠ ᠣᠷᠣᠭᠤᠯᠤᠯᠲᠠ ᠠᠷᠠᠯᠵᠢᠶᠠᠨ ᠤ ᠲᠡᠷᠢᠭᠦᠨ | ᠰᠣᠩᠭᠤᠯᠳᠠ ᠶᠢᠨ ᠣᠷᠣᠨ ᠤ ᠣᠨᠴᠠᠯᠢᠭᠲᠤ ᠳᠠᠪᠠᠭᠤᠯᠢᠭ ᠢ ᠦᠨᠳᠦᠰᠦᠨ ᠳᠡᠭᠡᠨ ᠲᠣᠭᠲᠠᠭᠠᠬᠤ ᠶᠢ ᠠᠬᠢᠭᠤᠯᠵᠤ᠂ | ᠰᠢᠯᠢᠳᠡᠭ ᠰᠤᠷᠭᠠᠨ ᠬᠥᠮᠦᠵᠢᠯ ᠰᠢᠯᠢᠳᠡᠭ ᠡᠮᠨᠡᠯᠭᠡ ᠶᠢᠨ ᠲᠦᠭᠡᠮᠡᠯ ᠬᠠᠷᠠᠭᠠᠯᠵᠠᠯ ᠦᠵᠡᠭᠦᠯᠬᠦ ᠣᠷᠣᠨ ᠤ ᠨᠡᠶᠢᠭᠡᠮ ᠤᠨ | ᠦᠢᠯᠡᠳᠦᠯ ᠢ ᠦᠨᠳᠦᠰᠦᠨ ᠳᠡᠭᠡᠨ ᠢᠯᠡᠷᠡᠭᠦᠯᠬᠦ ᠶᠢ ᠠᠬᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠰᠠᠶᠢᠲᠤᠷ ᠵᠠᠮᠨᠠᠨ᠎ᠠ᠃ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠣᠨᠣᠪᠴᠢᠲᠠᠶ ᠠᠷᠭ᠎ᠠ ᠪᠣᠳᠣᠯᠭ᠎ᠠ | ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠦᠯᠦᠪᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ | ᠶᠡᠷᠦᠩᠬᠡᠶ ᠲᠠᠶᠢᠨ᠂ ᠬᠤᠷᠢᠭᠯᠠᠯᠳᠠ ᠶᠢᠨ ᠲᠠᠶᠢᠯᠠᠯᠳᠣᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠣᠯᠬᠤ | ᠬᠡᠷᠡᠭᠲᠡᠶ᠃ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠣᠭᠠᠨ ᠢ ᠦᠷᠭᠦᠯᠵᠢᠯᠡᠨ ᠰᠠᠶᠢᠲᠤᠷ ᠬᠢᠵᠦ | ᠢᠯᠠᠯᠲᠠ ᠣᠯᠤᠨ᠎ᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠰᠢᠢᠳᠪᠦᠷᠢᠲᠦ ᠲᠠᠶᠢᠯᠠᠯᠳᠣᠭᠠᠨ ᠤ ᠡᠷᠡᠰ ᠢᠯᠠᠯᠲᠠ ᠶᠢ ᠤᠯᠬᠤ ᠲᠤᠪᠤᠶᠢᠮ᠎ᠠ ᠠᠰᠠᠭᠤᠳᠠᠯ ᠪᠣᠯᠤᠨ | ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠬᠦᠯᠵᠦ᠂ | ᠤᠨᠢᠨ ᠳᠡᠭᠡᠷ᠎ᠡ ᠨᠢ ᠬᠦᠴᠦᠯᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠣᠭᠠᠨ ᠤ ᠡᠷᠡᠰ ᠢᠯᠠᠯᠲᠠ ᠶᠢ ᠣᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠦ ᠰᠢᠢᠳᠪᠦᠷᠢᠯᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠶᠠᠳᠠᠭᠤ ᠬᠦᠴᠢᠷᠳᠡᠯᠲᠡᠢ ᠡᠷᠦᠬᠡ ᠶᠢ | ᠬᠢᠨᠠᠨ ᠬᠡᠮᠵᠢᠬᠦ ᠵᠡᠷᠭᠡ ᠭᠤᠣᠯᠳᠠᠯᠭ᠎ᠠ ᠲᠠᠢ ᠠᠵᠢᠯ ᠢ ᠫᠠᠶᠢᠰᠠ ᠡᠯᠭᠦᠨ ᠱᠠᠯᠠᠪᠳᠠᠭᠤᠯᠤᠨ ᠪᠠᠶᠢᠴᠠᠭᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠡᠭᠦᠰ ᠠᠮᠵᠢᠯᠲᠠ ᠲᠠᠢ ᠲᠡᠭᠦᠰᠬᠡᠨ᠎ᠡ᠃ ︽ᠳᠥᠷᠪᠡ ᠶᠢ ᠥᠯᠥ | ᠠᠪᠬᠤ︾ ﹇6﹈ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ | ᠪᠦᠲᠦᠮᠵᠢ ᠶᠢ ᠪᠠᠬᠢᠵᠢᠭᠦᠯᠦᠨ᠎ᠡ᠃ ᠬᠢᠵᠢᠭ ᠤᠨ ᠨᠥᠯᠥᠭᠡ ᠶᠢ ᠴᠢᠷᠮᠠᠶᠢᠨ ᠢᠯᠠᠨ ᠳᠠᠪᠠᠵᠤ᠂ ᠦᠵᠦᠮ ᠲᠠᠷᠢᠬᠤ᠂ | ᠬᠦᠷᠢᠶ᠎ᠡ ᠬᠠᠰᠢᠶ᠎ᠠ ᠶᠢᠨ ᠠᠵᠤ ᠠᠬᠤᠢ ᠵᠡᠷᠭᠡ ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠵᠢᠯ ᠡᠬᠢᠯᠡᠭᠦᠯᠬᠦ ᠶᠢ | ᠲᠦᠷᠭᠡᠳᠬᠡᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠲᠣᠭᠲᠠᠭᠤᠨ ᠢᠶᠠᠷ ᠠᠵᠢᠯ ᠣᠯᠬᠤ᠂ ᠦᠷᠭᠦᠯᠵᠢᠯᠡᠨ | ᠣᠷᠣᠯᠭ᠎ᠠ ᠪᠠᠨ ᠨᠡᠮᠡᠭᠳᠡᠭᠦᠯᠬᠦ ᠶᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ ᠪᠠ | ︽ᠵᠠᠬ᠎ᠠ ᠬᠢᠵᠠᠭᠠᠷ ᠡᠷᠦᠬᠡ︾ ᠶᠢ ᠠᠪᠤᠷᠠᠨ ᠲᠤᠰᠠᠯᠠᠵᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ | ᠂ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ | ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦ | ᠶᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠴᠢᠳᠠᠪᠤᠷᠢ ᠪᠠᠨ ᠦᠨᠡᠨ ᠬᠦ | ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠶ ᠡᠷᠦᠬᠡ ᠶᠢᠨ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠣᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠢ ᠨᠢ ᠳᠡᠭᠡᠭᠰᠢᠯᠡᠭᠦᠯᠦᠨ᠎ᠡ᠃ ᠲᠥᠷᠥᠯ | ᠵᠦᠢᠯ ᠳᠤ ᠪᠡᠯᠡ ᠣᠷᠣᠭᠤᠯᠬᠤ᠂ ︽ᠲᠠᠷᠢᠶᠠᠯᠠᠩ ᠤᠨ ᠪᠠᠲᠤᠯᠠᠭ᠎ᠠ ᠶᠢᠨ ᠵᠢᠭᠡᠯᠡᠯᠭᠡ︾ ᠶᠢ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ | ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠳᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠪᠠᠭᠠᠰᠬᠠᠬᠤ ᠪᠠᠶᠢᠯᠳᠤᠬᠤ ᠪᠤᠳᠤᠯᠭ᠎ᠠ ᠪᠠ | ᠠᠵᠢᠯ ᠤᠨ ᠰᠢᠰᠲ᠋ᠧᠮᠵᠢ ᠶᠢᠨ ᠲᠣᠭᠲᠠᠭᠤᠨ ᠢᠶᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ ᠠᠳᠬᠤᠨ᠎ᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠠᠭᠠᠷ ᠤᠨ ᠪᠣᠬᠢᠷᠲᠤᠯ ᠢ ᠵᠠᠰᠠᠬᠤ | ᠡᠷᠴᠢᠮ ᠢᠶᠠᠨ ᠨᠡᠮᠡᠭᠳᠡᠭᠦᠯᠵᠦ᠂ ᠲᠥᠪ ᠬᠤᠲᠠ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ | ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠠᠭᠤᠷᠬᠠᠢ ᠶᠢᠨ ᠣᠷᠣᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠠᠭᠤᠷᠬᠠᠢ ᠶᠢᠨ ᠭᠠᠵᠠᠷ ᠤᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ 12 ᠬᠡᠷᠡᠭᠵᠢᠭᠦᠯᠵᠦ᠂ 9 ᠰᠢᠷᠣᠢ | ᠭᠠᠳᠠᠭᠰᠢᠯᠠᠭᠤᠯᠬᠤ ᠲᠠᠯᠠᠪᠠᠢ ᠶᠢ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ | ᠠᠭᠤᠷᠬᠠᠢ ᠶᠢ ᠰᠢᠨ᠎ᠡ ᠪᠠᠷ 3 ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠢ ᠭᠦᠨᠵᠡᠭᠡᠶ ᠵᠠᠰᠠᠵᠤ᠂ | ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠪᠠ ᠠᠵᠤ ᠦᠢᠯᠡᠳᠪᠦᠷᠢ ᠠᠵᠤ ᠠᠬᠤᠶᠢᠯᠠᠯ ᠤᠨ | ᠵᠤᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠶᠢ ᠵᠠᠰᠠᠬᠤ ᠶᠢ ᠲᠦᠯᠬᠢᠨ ᠠᠬᠢᠭᠤᠯᠵᠤ᠂ ︽ᠪᠤᠲᠠᠷᠬᠠᠶ | ᠪᠤᠲᠤᠯᠢᠶᠠᠨᠳᠠᠢ ᠪᠣᠬᠢᠷᠲᠤᠯ︾ ᠤᠨ ᠠᠵᠤ ᠦᠢᠯᠡᠳᠪᠦᠷᠢ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠶᠢ ᠪᠡᠶᠡᠯᠡᠬᠦᠯᠵᠦ᠂ | ᠭᠤᠤᠯᠳᠠᠯᠭ᠎ᠠ ᠲᠠᠢ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠥᠳᠬᠡᠴᠡ ᠶᠢ ᠵᠢᠯ ᠪᠦᠷᠢ | ᠲᠤᠮᠰᠳᠠᠴᠢ ᠪᠠᠷ ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ᠣᠯᠠᠨ | ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠪᠠᠶᠢᠭᠤᠯᠤᠭᠳᠠᠭᠰᠠᠨ ᠲᠣᠭᠤᠷᠢᠭ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠪᠣᠯᠤᠨ ᠠᠭᠤᠷᠬᠠᠢ ᠶᠢᠨ ᠣᠷᠣᠨ ᠤ ᠵᠠᠮ ᠤᠨ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ | ᠶᠢ ᠴᠢᠩᠭᠠᠳᠬᠠᠵᠤ᠂ ᠴᠠᠶᠢᠶ᠋ᠢᠦ ᠲᠣᠰᠣᠨ ᠤ ᠪᠠᠷᠠᠭ᠎ᠠ ᠶᠢᠨ ᠲᠡᠷᠭᠡ ᠶᠢᠨ ᠪᠣᠬᠢᠷᠲᠤᠯ ᠤᠨ ᠲᠤᠰᠬᠠᠶ ᠵᠠᠰᠠᠯᠲᠠ ᠶᠢ | ᠰᠠᠶᠢᠲᠤᠷ ᠠᠳᠬᠤᠨ᠎ᠠ᠃ ᠰᠣᠯᠠ ᠨᠡᠭᠦᠷᠡᠰᠦᠨ ᠤ ᠪᠣᠬᠢᠷᠲᠤᠯ ᠢ ᠶᠡᠬᠡᠪᠡᠷ ᠴᠡᠭᠴᠡᠯᠡᠨ ᠵᠠᠰᠠᠵᠤ᠂ ᠪᠠᠶᠢᠭᠤᠯᠤᠭᠳᠠᠭᠰᠠᠨ | ᠲᠣᠭᠤᠷᠢᠭ ᠤᠨ ᠰᠣᠯᠠ ᠨᠡᠭᠦᠷᠡᠰᠦ ᠶᠢ ᠣᠷᠣᠯᠠᠭᠤᠯᠬᠤ ᠪᠠ ᠠᠷᠢᠭᠤᠨ ᠴᠡᠪᠡᠷ ᠢᠶᠠᠷ ᠠᠰᠢᠭᠯᠠᠬᠤ ᠶᠢ ᠲᠦᠯᠬᠢᠨ | ᠠᠬᠢᠭᠤᠯᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ ᠲᠣᠬᠢᠷᠠᠭᠤᠯᠤᠯᠲᠠ᠂ ᠡᠳ᠋ ᠬᠥᠷᠥᠩᠭᠡ ᠶᠢ ᠳᠠᠬᠢᠨ | ᠵᠣᠬᠢᠶᠠᠨ ᠪᠠᠶᠢᠭᠤᠯᠬᠤ᠂ ᠦᠯᠡᠳᠡᠭᠡᠯ ᠪᠠᠯᠠ ᠮᠥᠩᠭᠦ ᠶᠢ ᠠᠮᠢᠳᠤᠯᠢᠭ ᠪᠣᠯᠭᠠᠬᠤ ᠵᠡᠷᠭᠡ ︽ᠬᠠᠮ ᠠᠷᠭ᠎ᠠ︾ ᠶᠢ ᠰᠠᠶᠢᠲᠤᠷ | ᠬᠢᠵᠦ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠳᠡᠢ ᠲᠡᠮᠡᠴᠡᠨ ᠣᠯᠵᠤ᠂ ᠦᠯᠡᠳᠡᠭᠡᠯ ᠥᠷᠢ | ᠥᠭᠴᠡᠭᠡ ᠶᠢ ᠲᠣᠬᠢᠲᠠᠶ ᠰᠢᠩᠭᠡᠭᠡᠨ᠎ᠡ᠃ ᠮᠥᠩᠭᠦᠨ ᠬᠦᠢᠯᠭᠡᠭᠡᠨ ᠤ ᠲᠦᠭᠰᠢᠭᠦᠷᠢ ᠶᠢ ᠬᠢᠨᠠᠨ ᠬᠡᠮᠵᠢᠬᠦ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠭᠳᠠᠴᠠ ᠶᠢ ᠪᠦᠷᠢᠨᠰᠢᠭᠦᠯᠵᠦ᠂ ᠭᠤᠤᠯᠳᠠᠯᠭ᠎ᠠ ᠲᠠᠢ ᠤᠷᠢᠳᠴᠢᠯᠠᠨ | ᠰᠡᠷᠡᠮᠵᠢᠯᠡᠭᠦᠯᠬᠦ ᠠᠵᠤ ᠠᠬᠤᠶᠢᠯᠠᠯ ᠤᠨ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠠᠵᠢᠯ ᠢ ᠲᠦᠯᠬᠢᠨ | ᠠᠬᠢᠭᠤᠯᠵᠤ᠂ ᠭᠤᠤᠯᠳᠠᠯᠭ᠎ᠠ ᠲᠠᠢ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠵᠠᠰᠠᠬᠤ | ᠪᠦᠲᠦᠴᠡ ᠶᠢ ᠨᠢ ᠰᠠᠶᠢᠵᠢᠷᠠᠭᠤᠯᠤᠨ᠂ ᠠᠶᠤᠯ ᠲᠦᠭᠰᠢᠭᠦᠷᠢ ᠶᠢ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ | ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠡᠭᠦᠰᠬᠦ ᠬᠢᠵᠠᠭᠠᠷ ᠱᠤᠭᠤᠮ ᠢ ᠪᠠᠲᠤ ᠰᠠᠬᠢᠨ᠎ᠠ᠃ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠢᠵᠢᠭ ᠤᠨ ᠪᠠᠶᠢᠳᠠᠯ ᠤᠨ ᠠᠵᠤ ᠠᠬᠤᠶ ᠳᠤ | ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠪᠦᠬᠦ ᠵᠢᠯ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︽ᠭᠤᠷᠪᠠ ᠶᠢ ᠨᠢᠭᠡ | ᠴᠣᠭᠴᠠᠵᠢᠭᠤᠯᠤᠭᠰᠠᠨ︾ ᠠᠶᠤᠯ ᠦᠭᠡᠢ ᠦᠢᠯᠡᠳᠪᠦᠷᠢᠯᠡᠯ ᠤᠨ ᠰᠢᠰᠲ᠋ᠧᠮᠵᠢ ᠶᠢ ᠲᠡᠬᠦᠯᠳᠡᠷᠵᠢᠬᠦᠯᠵᠦ᠂ ᠠᠶᠤᠯ ᠲᠠᠢ ᠬᠢᠮᠢ᠂ | ᠨᠡᠭᠦᠷᠡᠰᠦᠨ ᠠᠭᠤᠷᠬᠠᠶ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠲᠣᠭᠲᠠᠮᠠᠯ | ᠬᠤᠭᠤᠴᠠᠭ᠎ᠠ ᠲᠠᠢ ᠪᠠᠷ ᠠᠶᠤᠯᠬᠦᠢ ᠶᠢᠨ ᠪᠠᠶᠢᠴᠠᠭᠠᠯᠲᠠ ᠬᠢᠵᠦ ᠦᠨᠡᠯᠡᠨ ᠵᠢᠱᠢᠵᠦ ᠮᠡᠳᠡᠭᠦᠯᠬᠦ ᠳᠦᠷᠢᠮ ᠢ ᠪᠠᠶᠢᠭᠤᠯᠤᠨ᠂ | ᠠᠵᠤ ᠠᠬᠤᠶᠢᠯᠠᠯ ᠤᠨ ᠣᠶᠤᠨᠴᠢᠯᠠᠭᠰᠠᠨ ᠥᠭᠡᠷᠡᠴᠢᠯᠡᠯᠲᠡ ᠪᠣᠯᠤᠨ ᠠᠵᠢᠯᠲᠠᠨ ᠠᠵᠢᠯᠴᠢᠨ ᠤ ᠬᠡᠪ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ | ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠭᠤᠯᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠬᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ | ᠲᠡᠭᠡᠭᠰᠢᠯᠡᠬᠦᠯᠦᠨ᠎ᠡ᠃ | ︵ᠬᠤᠶᠠᠷ︶ ᠪᠣᠳᠠᠲᠤ ᠴᠣᠭᠴᠠ ᠶᠢᠨ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠦᠴᠦᠨ ᠢᠶᠠᠨ | ᠲᠦᠪᠯᠡᠷᠡᠬᠦᠯᠦᠨ ᠲᠥᠷᠥᠯ ᠵᠦᠢᠯ ᠢ ᠠᠳᠬᠤᠨ᠂ ᠪᠠᠯᠠ ᠣᠷᠣᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠶᠢ | ᠠᠳᠬᠤᠨ᠂ ᠨᠡᠭᠡᠭᠡᠯᠲᠡ ᠶᠢ ᠠᠬᠢᠭᠤᠯᠵᠤ᠂ ᠪᠠᠯᠠ ᠣᠷᠣᠭᠤᠯᠤᠯᠲᠠ ᠠᠷᠠᠯᠵᠢᠶᠠᠨ ᠤ ᠲᠡᠷᠢᠭᠦᠨ ᠰᠣᠩᠭᠤᠯᠲᠠ ᠶᠢᠨ | ᠣᠷᠣᠨ ᠤ ᠣᠨᠴᠠᠯᠢᠭᠲᠤ ᠳᠠᠪᠠᠭᠤᠯᠢᠭ ᠢ ᠦᠨᠳᠦᠰᠦᠨ ᠳᠡᠭᠡᠨ ᠲᠣᠭᠲᠠᠭᠠᠬᠤ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠰᠠᠶᠢᠲᠤᠷ ᠠᠳᠬᠤᠨ᠎ᠠ᠃ ᠪᠡᠯᠡ | ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠶᠢ ᠨᠡᠩ ᠴᠢᠬᠤᠯᠠᠴᠢᠯᠠᠵᠤ᠂ ᠨᠡᠶᠢᠭᠡᠮ ᠤᠨ ᠪᠡᠯᠡ | ᠣᠷᠣᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠥᠷᠭᠡᠳᠬᠡᠵᠦ᠂ ᠠᠵᠤ ᠦᠢᠯᠡᠰ ᠤᠨ ᠪᠡᠯᠡ ᠣᠷᠣᠭᠤᠯᠤᠯᠲᠠ ᠶᠢ | ᠴᠢᠬᠤᠯᠠᠴᠢᠯᠠᠨ᠂ ᠴᠢᠨᠠᠷ ᠰᠠᠶᠢᠲᠠᠶ ᠪᠡᠯᠡ ᠣᠷᠣᠭᠤᠯᠤᠯᠲᠠ ᠶᠢ ᠡᠷᠢᠯᠬᠢᠯᠡᠨ᠎ᠡ᠃ ᠪᠦᠬᠦ ᠵᠢᠯ ᠳᠤ 174 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 174.9 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠴᠢᠬᠤᠯᠠ ᠶᠡᠭᠡ ᠲᠥᠷᠥᠯ ᠵᠦᠢᠯ ᠤᠨ ︽ᠡᠭᠦᠷᠭᠡ ᠶᠢ ᠬᠡᠷᠡᠮ ᠳᠡᠭᠡᠷ᠎ᠡ | ᠭᠠᠷᠭᠠᠬᠤ᠂ ᠵᠢᠷᠤᠭ ᠢ ᠡᠯᠭᠦᠵᠦ ᠲᠠᠶᠢᠯᠠᠯᠳᠣᠭᠠᠨ ᠬᠢᠬᠦ᠂ ᠬᠦᠰᠦᠨᠦᠭᠵᠢᠭᠦᠯᠦᠨ ᠠᠬᠢᠭᠤᠯᠬᠤ᠂ ᠰᠠᠷ᠎ᠠ ᠪᠠᠷ ᠵᠠᠷᠯᠠᠨ | ᠨᠡᠶᠢᠲᠡᠯᠡᠬᠦ︾ ᠬᠠᠮᠢᠶᠠᠷᠤᠯᠲᠠ ᠶᠢ ᠬᠡᠷᠡᠭᠵᠢᠬᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠺᠠᠳ᠋ᠷ ᠤᠨ | ᠳᠠᠭᠠᠭᠠᠴᠢᠯᠠᠨ ᠬᠤᠯᠪᠣᠭᠠᠯᠠᠬᠤ ᠲᠤᠭᠳᠠᠴᠠ ᠶᠢ ᠪᠦᠷᠢᠨᠰᠢᠬᠦᠯᠵᠦ᠂ ᠪᠥᠬᠦ ᠶᠠᠪᠤᠴᠠ ᠳᠤ ᠮᠥᠷᠳᠡᠨ ᠳᠣᠭᠢᠷᠠᠭᠤᠯᠵᠤ᠂ | ᠲᠥᠷᠥᠯ ᠵᠦᠢᠯ ᠤᠨ ᠠᠵᠢᠯ ᠡᠬᠢᠯᠡᠭᠦᠯᠬᠦ ᠨᠣᠷᠮ᠎ᠠ᠂ ᠠᠰᠢᠭᠯᠠᠯᠲᠠ ᠳᠤ ᠣᠷᠣᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠬᠢᠵᠢᠭ ᠤᠨ ᠪᠠᠶᠢᠳᠠᠯ ᠤᠨ ᠠᠵᠤ ᠠᠬᠤᠶ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠬᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ | ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠬᠦᠯᠵᠦ᠂ ᠲᠦᠷᠦᠯ | ᠵᠦᠢᠯ ᠤᠨ ᠨᠥᠭᠡᠴᠡᠯᠡᠯᠲᠡ ᠪᠠ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠨ᠎ᠠ᠃ | ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠶᠢᠭᠤᠯᠤᠨ᠎ᠠ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠤᠨ ᠳᠦᠷᠢᠮ ᠢ ᠰᠢᠯᠢᠳᠡᠭᠵᠢᠭᠦᠯᠬᠦ ᠪᠠ ᠭᠠᠶᠢᠯᠢ ᠬᠥᠩᠭᠡᠯᠡᠵᠦ ᠰᠦᠢᠳᠭᠡᠯ | ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠦᠷᠢᠲᠦᠵᠦ ᠪᠠᠶᠢᠭ᠎ᠠ ᠳᠠᠩᠰᠠᠨ ᠵᠣᠭᠤᠰ ᠢ ᠢᠯᠭᠠᠷᠠᠭᠤᠯᠤᠨ | ᠲᠢᠭᠯᠡᠬᠦ ᠡᠭᠦᠷᠭᠡ ᠶᠢ ᠪᠡᠶᠡᠯᠡᠬᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠬᠥᠮᠥᠷᠭᠡ ᠶᠢ ᠨᠠᠶᠢᠷᠠᠭᠤᠯᠤᠨ ᠵᠣᠬᠢᠶᠠᠵᠤ᠂ ᠣᠨᠣᠪᠴᠢᠲᠠᠢ | ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠲᠦᠯᠬᠢᠨ ᠠᠬᠢᠭᠤᠯᠵᠤ᠂ ᠪᠦᠬᠦ | ᠲᠠᠯ᠎ᠠ ᠪᠠᠷ ᠬᠤᠳᠠᠯᠳᠤᠭᠠᠴᠢᠨ ᠤᠷᠢᠨ᠎ᠠ᠃ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠵᠡᠷᠭᠡ ᠥᠪᠡᠷ ᠤᠨ ᠥᠷᠲᠡᠭ ᠢᠶᠠᠷ | ᠳᠣᠣᠷ᠎ᠠ ᠳᠠᠯᠳᠠ ᠴᠢᠳᠠᠪᠤᠷᠢ ᠶᠢ ᠪᠦᠬᠦ ᠲᠠᠯ᠎ᠠ ᠪᠠᠷ ᠬᠥᠭᠵᠢᠭᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠡᠯᠧᠮᠧᠨ᠋ᠲ ᠤᠨ ᠥᠪᠡᠷ ᠤᠨ ᠥᠷᠲᠡᠭ᠂ ᠲᠦᠷᠢᠮ ᠤᠨ ᠴᠢᠨᠠᠷᠲᠠᠢ ᠥᠪᠡᠷ ᠤᠨ ᠥᠷᠲᠡᠭ ᠢ ᠪᠠᠭᠤᠷᠠᠭᠤᠯᠵᠤ᠂ ᠠᠵᠤ | ᠦᠢᠯᠡᠰ ᠤᠨ ᠬᠥᠭᠵᠢᠯᠲᠡ ᠶᠢᠨ ︽ᠥᠪᠡᠷ ᠤᠨ ᠥᠷᠲᠡᠭ ᠢᠶᠠᠷ ᠳᠣᠣᠷ᠎ᠠ ᠭᠠᠵᠠᠷ︾ ᠢ ᠪᠣᠢ ᠪᠣᠯᠭᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠠᠵᠤ ᠠᠬᠤᠶᠢᠯᠠᠯ ᠳᠤ | ᠬᠤᠯᠪᠣᠭᠳᠠᠭᠰᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ | ᠪᠣᠳᠠᠲᠠᠶᠢᠵᠢᠭᠤᠯᠤᠭᠰᠠᠨ ᠥᠬᠡᠶ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠳᠣᠤᠷ᠎ᠠ ᠵᠡᠷᠭᠡ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠳᠣᠲᠣᠨᠣ︾᠂ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠤᠨ | ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠢᠲᠡᠭᠡᠮᠵᠢ ᠲᠠᠢ ᠪᠠᠶᠢᠬᠤ ᠶᠢ ᠰᠠᠶᠢᠰᠢᠶᠠᠨ | ᠬᠥᠬᠢᠭᠦᠯᠬᠦ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠬᠦᠯᠵᠦ᠂ ᠪᠦᠬᠦ | ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠬᠤᠳᠠ ᠶᠢ | ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠵᠤ ᠠᠬᠤᠶᠢᠯᠠᠯ ᠳᠤ ᠭᠠᠷᠭᠠᠭᠰᠠᠨ ᠬᠠᠤᠯᠢ | ᠶᠣᠰᠣᠨ ᠤ ᠲᠦᠷᠢᠮ ᠲᠣᠭᠲᠠᠭᠠᠯ ᠳᠤ ᠨᠡᠶᠢᠴᠡᠬᠦ ᠲᠦᠷᠦ ᠶᠢᠨ ᠪᠤᠳᠤᠯᠭ᠎ᠠ ᠶᠢᠨ ᠠᠮᠠᠯᠠᠯᠲᠠ ᠪᠦᠬᠦᠨ ᠢ ᠴᠥᠮ ᠴᠢᠩᠭ᠎ᠠ | ᠪᠡᠶᠡᠯᠡᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ ᠲᠡᠭᠡᠭᠰᠢᠯᠡᠬᠦᠯᠦᠨ᠎ᠡ᠃ | | ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠠᠵᠤ ᠦᠢᠯᠡᠰ ᠤᠨ ᠭᠤᠤᠯᠳᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠬᠦᠷᠢᠶᠡᠯᠡᠩ ᠲᠣᠭᠤᠷᠢᠭ ᠤᠨ ᠥᠨᠳᠥᠷ ᠦᠷ᠎ᠡ ᠪᠦᠲᠦᠮᠵᠢᠲᠡᠶ | ᠠᠵᠢᠯᠯᠠᠬᠤ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠵᠣ ᠪᠡᠯᠡ ᠲᠣᠬᠢᠷᠠᠭᠤᠯᠬᠤ ᠪᠠᠶᠢᠭᠤᠯᠤᠯ ᠤᠨ ᠰᠢᠨ᠎ᠡ ᠶᠢ ᠡᠭᠦᠳᠴᠦ᠂ ᠲᠤᠤᠷ᠎ᠠ ᠨᠡᠭᠦᠷᠡᠰᠦᠲᠥ᠋ᠷᠥᠭᠴᠢᠲᠤ | ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠥᠭᠴᠡᠭᠡ ᠶᠢ ᠲᠠᠬᠢᠨ | ᠵᠣᠬᠢᠶᠠᠨ ᠪᠠᠶᠢᠭᠤᠯᠬᠤ᠂ ᠳᠠᠮᠫᠤᠷᠠᠭᠤᠯᠵᠤ ᠢᠯᠭᠠᠷᠠᠭᠤᠯᠤᠨ ᠪᠤᠳᠤᠬᠤ᠂ ᠬᠠᠤᠯᠢ ᠶᠣᠰᠣᠭᠠᠷ ᠢᠯᠭᠠᠷᠠᠭᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠦᠬᠦᠰᠢᠷᠡᠮᠡᠯ ᠠᠵᠤ ᠠᠬᠤᠶᠢᠯᠠᠯ︾ ﹇7﹈ ᠢ ᠢᠯᠭᠠᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠰᠤᠯᠠ ᠪᠠᠶᠢᠭ᠎ᠠ ᠭᠠᠵᠠᠷ ᠰᠢᠷᠣᠶ᠂ ᠦᠢᠯᠡᠳᠪᠦᠷᠢ ᠶᠢᠨ ᠭᠡᠷ ᠪᠠᠶᠢᠰᠢᠩ᠂ ᠡᠨᠧᠷᠬᠢ ᠬᠡᠷᠡᠭᠯᠡᠬᠦ ᠵᠡᠷᠭᠡ | ᠨᠡᠩ ᠤᠯᠠᠨ ᠬᠦᠴᠦᠨ ᠵᠦᠢᠯ ᠢ ᠰᠤᠯᠠᠯᠠᠨ ᠭᠠᠷᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ᠂ | ᠤᠰᠤ ᠬᠡᠷᠡᠭᠯᠡᠬᠦ ᠵᠡᠷᠭᠡ ᠬᠦᠢᠴᠡᠳᠭᠡᠯ ᠲᠤᠭᠠᠨ ᠤ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠨ᠎ᠠ᠃ ᠪᠡᠯᠡ | ᠣᠷᠣᠭᠤᠯᠤᠯᠲᠠ ᠶᠢᠨ ᠬᠦᠴᠦᠯᠡᠴᠡ᠂ ᠣᠷᠴᠢᠨ ᠲᠣᠭᠤᠷᠢᠨ ᠤ ᠪᠠᠭᠲᠠᠭᠠᠮᠵᠢ᠂ ᠨᠢᠭᠡᠴᠢ ᠡᠨᠧᠷᠭᠢ ᠶᠢᠨ ᠬᠤᠷᠤᠭᠳᠠᠯ᠂ | ᠦᠢᠯᠡᠳᠪᠦᠷᠢᠯᠡᠵᠦ ᠭᠠᠷᠭᠠᠬᠤ ᠦᠷ᠎ᠡ ᠠᠰᠢᠭ᠂ ᠠᠵᠢᠯ ᠲᠥᠷᠥᠯ ᠤᠨ ᠬᠤᠰᠢᠭᠤᠴᠢ ᠵᠡᠷᠭᠡ ᠬᠦᠢᠴᠡᠳᠭᠡᠯ ᠲᠤᠭ᠎ᠠ ᠪᠠᠷ | ᠤᠳᠤᠷᠢᠳᠤᠮᠵᠢ ᠪᠣᠯᠭᠠᠭᠰᠠᠨ ᠲᠥᠷᠥᠯ ᠵᠦᠢᠯ ᠤᠨ ᠬᠦᠷᠢᠶᠡᠯᠡᠩ ᠳᠤ ᠣᠷᠣᠬᠤ ᠪᠠᠷᠢᠮᠵᠢᠶ᠎ᠠ ᠶᠢᠨ ᠰᠢᠰᠲ᠋ᠧᠮᠵᠢ ᠶᠢ | ᠪᠠᠶᠢᠭᠤᠯᠬᠤ ᠶᠢ ᠠᠬᠢᠭᠤᠯᠤᠨ᠎ᠠ᠃ ᠽᠢ ᠭᠤᠸᠠᠩ ᠠᠵᠤ ᠦᠢᠯᠡᠰ ᠤᠨ ᠠᠵᠤ ᠠᠬᠤᠶ ᠶᠢᠨ ᠲᠣᠭᠠᠴᠢᠯᠠᠭᠰᠠᠨ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠠᠵᠢᠯᠯᠠᠭᠤᠯᠬᠤ ᠶᠢ ᠠᠬᠢᠭᠤᠯᠤᠨ᠎ᠠ᠃ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ | ᠥᠭᠡᠷᠡᠴᠢᠯᠡᠯᠲᠡ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠦᠭᠡᠷᠡᠴᠢᠯᠡᠯᠳᠡ᠂ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠣᠶᠢᠯᠠᠭᠠᠭᠳᠠᠬᠤᠨ ᠢᠶᠠᠨ ᠰᠠᠶᠢᠵᠢᠷᠠᠭᠤᠯᠬᠤ᠂ ᠲᠤᠭᠳᠠᠴᠠ ᠪᠠᠨ ᠰᠢᠯᠢᠳᠡᠭᠵᠢᠭᠦᠯᠬᠦ᠂ | ᠰᠤᠷᠲᠠᠯ ᠢᠶᠠᠨ ᠪᠣᠳᠠᠲᠠᠶᠢᠵᠢᠭᠤᠯᠬᠤ᠂ ᠦᠷ᠎ᠡ ᠪᠦᠲᠦᠮᠵᠢ ᠪᠠᠨ ᠰᠠᠶᠢᠵᠢᠷᠠᠭᠤᠯᠬᠤ ᠶᠢ ᠬᠠᠮᠵᠢᠯᠴᠠᠨ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ᠂ ᠣᠯᠠᠨ ᠤᠯᠤᠰ ᠤᠨ | ᠨᠥᠬᠦᠷᠰᠡᠭ ᠬᠤᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠮᠣᠩᠭᠤᠯ ᠣᠯᠣᠰ ᠤᠨ | ᠨᠡᠭᠦᠷᠡᠰᠦ ᠶᠢ ᠠᠷᠠᠯᠵᠢᠶᠠᠯᠠᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠮᠣᠩᠭᠤᠯ ᠤᠯᠤᠰ ᠤᠨ | ᠨᠡᠬᠦᠷᠡᠰᠦᠨ ᠤ ︽ᠨᠢᠭᠡ ᠦᠷᠳᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠲᠢᠶᠠᠨ | ᠢᠦᠢ ᠶᠢᠨ ᠳᠤᠮᠳᠠᠳᠤ ᠢᠲ᠋ᠠᠯᠢ ᠶᠢᠨ ᠡᠯᠡᠰᠦᠨ ᠴᠥᠯ ᠤᠨ ᠠᠷᠢᠬᠢᠨ ᠡᠳ᠋ᠯᠡᠩ᠂ ᠳᠤᠮᠳᠠᠳᠤ ᠶᠠᠫᠣᠨ ᠤ ᠤᠰᠤᠲᠥ᠋ᠷᠥᠭᠴᠢ | ᠡᠨᠧᠷᠭᠢ ᠶᠢᠨ ᠬᠠᠮᠲᠤᠷᠠᠯᠴᠠᠭ᠎ᠠ ᠵᠡᠷᠭᠡ ᠭᠠᠳᠠᠭᠠᠳᠤ ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠭᠠᠶᠢᠯᠢ ᠪᠠᠲᠤᠯᠠᠬᠤ ᠬᠥᠮᠥᠷᠭᠡ ᠶᠢ ᠪᠠᠶᠢᠭᠤᠯᠤᠨ ᠡᠵᠡᠩᠨᠡᠯᠳᠡ ᠳᠤ ᠣᠷᠣᠭᠤᠯᠬᠤ ᠶᠢ ᠦᠨᠡᠨᠬᠦ | ᠪᠠᠲᠤᠯᠠᠨ᠎ᠠ᠃ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ | ᠣᠷᠴᠢᠨ ᠨᠥᠬᠦᠴᠡᠯ ᠤᠨ ᠬᠠᠮᠠᠭᠠᠯᠠᠯᠳᠠ ᠵᠡᠷᠭᠡ ᠬᠦᠷᠢᠶᠡᠨ ᠳᠠᠬᠢ ᠦᠢᠯᠡᠳᠦᠯᠴᠡᠭᠡ ᠰᠣᠯᠢᠯᠴᠠᠭ᠎ᠠ ᠶᠢ ᠴᠢᠩᠭᠠᠳᠬᠠᠵᠤ᠂ | ᠣᠷᠣᠨ ᠪᠦᠰᠡ ᠶᠢᠨ ᠲᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠦᠭᠵᠢᠬᠦᠯᠬᠦ ᠶᠢ | ᠠᠬᠢᠭᠤᠯᠤᠨ᠎ᠠ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠤᠨ᠎ᠠ | ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ᠂ ᠨᠡᠮᠡᠭᠳᠡᠯ ᠢ ᠥᠷᠭᠡᠳᠬᠡᠬᠦ᠂ ᠶᠠᠰᠤ ᠴᠢᠨᠠᠷ ᠢ | ᠲᠡᠭᠡᠭᠰᠢᠯᠡᠬᠦᠯᠬᠦ ᠶᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠵᠠᠯᠭᠠᠯᠳᠤᠨ ᠰᠣᠯᠢᠭᠳᠠᠬᠤ ᠶᠢ | ᠲᠦᠷᠭᠡᠳᠬᠡᠵᠦ᠂ ᠤᠯᠠᠨ ᠲᠦᠢᠯᠰᠢᠷᠠᠯ ᠢᠶᠠᠷ ᠲᠤᠯᠭᠠᠭᠤᠷᠢᠯᠠᠭᠰᠠᠨ᠂ ᠤᠯᠠᠨ ᠡᠰᠢᠴᠢᠯᠡᠨ ᠬᠥᠭᠵᠢᠭᠰᠡᠨ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠢᠱᠢᠶ᠎ᠡ | ᠦᠵᠡᠭᠦᠯᠬᠦ ᠣᠷᠣᠨ ᠤ ᠲᠤᠯᠭᠠᠭᠤᠷᠢᠯᠠᠬᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠬᠦ ᠶᠢ ᠠᠬᠢᠭᠤᠯᠤᠨ᠎ᠠ᠃ | ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠦᠬᠠᠶ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠯᠠᠨᠵᠧᠤ ᠶᠡᠭᠡ ᠰᠤᠷᠭᠠᠭᠤᠯᠢ | ᠵᠡᠷᠭᠡ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ | ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠵᠤ᠂ ᠣᠲᠣ ᠶᠢᠨ ᠪᠠᠶᠢᠭ᠎ᠠ | ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠦᠷ᠎ᠡ ᠪᠦᠲᠦᠭᠡᠯ ᠢ ᠣᠯᠠᠷᠢᠭᠤᠯᠬᠤ ᠶᠢ ᠲᠦᠷᠭᠡᠳᠬᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ | ᠪᠠᠶᠢᠭᠤᠯᠵᠤ᠂ ᠱᠠᠩᠬᠠᠶ᠂ ᠭᠤᠸᠠᠩᠵᠧᠦ ᠵᠡᠷᠭᠡ ᠭᠠᠵᠠᠷ ᠲᠤ ᠰᠢᠨᠵᠢᠯᠡᠬᠦ ᠤᠬᠠᠭᠠᠨ ᠤ ᠰᠤᠳᠤᠯᠤᠯ ᠤᠨ ᠣᠨᠳᠣᠤ | ᠭᠠᠵᠠᠷ ᠲᠤ ᠨᠡᠪᠴᠢᠭᠦᠯᠬᠦ ᠲᠥᠪ ᠢ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠠᠯ᠎ᠠ ᠪᠠᠷ ᠰᠢᠪᠲᠤᠯᠤᠯᠲᠠ | ᠭᠠᠷᠭᠠᠬᠤ ᠪᠠᠷ ᠴᠢᠷᠮᠠᠶᠢᠨ᠎ᠠ᠃ ᠲᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ ᠶᠢ ᠬᠡᠷᠡᠭᠵᠢᠬᠦᠯᠵᠦ᠂ ᠲᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ | 30 ᠠᠴᠠ ᠳᠡᠭᠡᠭᠰᠢ ᠳᠤ ᠭᠦᠷᠭᠡᠬᠦ ᠪᠠᠷ ᠴᠢᠷᠮᠠᠶᠢᠵᠤ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠶᠢ | ᠬᠦᠴᠦᠯᠡᠨ ᠪᠠᠶᠢᠭᠤᠯᠤᠨ᠎ᠠ᠃ ︽ᠠᠵᠤ ᠠᠬᠤᠶᠢᠯᠠᠯ ᠢ ᠡᠭᠦᠯᠡᠨ ᠲᠠᠪᠴᠠᠩ ᠳᠤ ᠭᠠᠷᠭᠠᠬᠤ︾ ᠠᠵᠢᠯᠯᠠᠭ᠎ᠠ ᠶᠢ | ᠥᠷᠨᠢᠭᠦᠯᠵᠦ᠂ ︽ᠡᠭᠦᠯᠡᠨ ᠲᠠᠪᠴᠠᠩ ᠳᠤ ᠭᠠᠷᠭᠠᠬᠤ︾ ᠠᠵᠤ ᠠᠬᠤᠶᠢᠯᠠᠯ ᠢ 100 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠡᠷᠡᠭᠴᠡᠭᠡ ᠪᠠᠷ ᠭᠤᠤᠯᠯᠠᠭᠤᠯᠤᠨ᠂ ᠨᠢᠭᠡ ᠪᠦᠯᠦᠭ ᠳᠡᠭᠡᠳᠦ ᠲᠡᠰ ᠳᠠᠪᠬᠤᠷᠭ᠎ᠠ ᠶᠢᠨ᠂ ᠳᠡᠭᠡᠳᠦ | ᠬᠡᠪ ᠴᠢᠨᠠᠷ ᠪᠦᠬᠦᠢ ᠴᠢᠳᠠᠪᠤᠷᠢᠲᠠᠨ ᠢ ᠲᠠᠲᠠᠨ ᠴᠤᠭᠯᠠᠭᠤᠯᠤᠨ᠎ᠠ᠃ | ᠶᠠᠰᠤ ᠴᠢᠨᠠᠷ ᠢ ᠳᠡᠭᠡᠭᠰᠢᠯᠡᠭᠦᠯᠦᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ᠎ᠡ᠃ ᠨᠡᠭᠦᠷᠡᠰᠦ | ᠬᠡᠤᠷᠰᠢᠭᠦᠯᠬᠦ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠬᠤᠶᠠᠷ ᠶᠡᠭᠡ ᠭᠤᠤᠯᠯᠠᠬᠤ ᠠᠵᠤ ᠦᠢᠯᠡᠰ ᠢ | ᠭᠦᠨᠵᠡᠭᠡᠶ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ | ᠳᠡᠭᠡᠭᠰᠢᠯᠡᠭᠦᠯᠵᠦ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ᠨᠡᠭᠦᠷᠡᠰᠦ ᠬᠡᠤᠷᠡᠰᠦ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ | ᠪᠠᠶᠢᠭᠤᠯᠬᠤ᠂ ᠮᠡᠷᠭᠡᠵᠢᠯ ᠢ ᠳᠡᠰ ᠳᠡᠪᠰᠢᠭᠦᠯᠬᠦ ᠶᠢ ᠬᠦᠴᠦᠲᠡᠶ ᠲᠦᠯᠬᠢᠨ ᠠᠬᠢᠭᠤᠯᠵᠤ᠂ ᠭᠤᠷᠪᠠᠨ ᠵᠢᠯ ᠤᠨ | ᠬᠤᠭᠤᠴᠠᠭᠠᠨ ᠳᠤ 500 ᠲᠦᠮᠡᠨ ᠲᠣᠨ ᠠᠴᠠ ᠳᠡᠭᠡᠭᠰᠢ ᠬᠡᠪᠴᠢᠶ᠎ᠡ ᠲᠠᠢ ᠬᠡᠤᠷᠰᠢᠭᠦᠯᠬᠦ ᠳᠠᠭᠠᠭᠤᠯᠤᠭᠴᠢ ᠠᠵᠤ | ᠠᠬᠤᠶᠢᠯᠠᠯ ᠢ 2 ᠪᠠᠶᠢᠭᠤᠯᠬᠤ ᠪᠠᠷ ᠴᠢᠷᠮᠠᠶᠢᠨ᠎ᠠ᠃ ᠰᠠᠶᠢᠰᠫ ᠥᠨᠳᠥᠷ ᠵᠤᠤᠬ᠎ᠠ ᠪᠤᠰᠤ ᠲᠡᠮᠦᠷᠯᠢᠭ ᠬᠠᠶᠢᠯᠤᠭᠤᠯᠬᠤ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠡᠭᠡᠲᠤ ᠲᠡᠰ ᠤᠨ ᠪᠣᠯᠣᠳ ᠲᠡᠮᠦᠷ ᠤᠨ | ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠵᠥᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ 50 | ᠲᠦᠮᠡᠨ ᠲᠣᠨ PVC ᠵᠡᠷᠭᠡ ᠲᠥᠷᠥᠯ ᠵᠦᠢᠯ ᠤᠨ ᠠᠵᠢᠯ ᠡᠬᠢᠯᠡᠬᠦ ᠶᠢ ᠠᠬᠢᠭᠤᠯᠵᠤ᠂ ᠨᠢᠭᠡ ᠪᠦᠯᠦᠭ PVA᠂ | PVB ᠵᠡᠷᠭᠡ ᠬᠤᠯᠪᠤᠭᠳᠠᠯ ᠪᠥᠬᠦᠶ ᠳᠣᠤᠷᠠᠳᠤ ᠤᠷᠤᠰᠬᠠᠯ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ | ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠰᠦᠷᠦᠭᠵᠢᠯ ᠤᠨ ᠥᠷᠢᠰᠦᠯᠳᠦᠬᠦ ᠬᠦᠴᠦᠨ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ ᠰᠢᠩ ᠹᠡ ᠣᠷᠭᠠᠨᠢᠭ ᠴᠠᠬᠢᠭᠤᠷ ᠵᠡᠷᠭᠡ ᠲᠥᠷᠥᠯ ᠵᠦᠢᠯ ᠤᠨ ᠠᠬᠢᠴᠠ ᠶᠢ | ᠲᠦᠷᠭᠡᠳᠬᠡᠵᠦ᠂ ᠶᠦᠩ ᠲᠠᠢ ᠬᠢᠮᠢ ᠶᠢᠨ ᠠᠵᠤ ᠦᠢᠯᠡᠳᠪᠦᠷᠢ᠂ ᠳ᠋ᠧ ᠿᠦᠢ ᠬᠢᠮᠢ ᠶᠢᠨ ᠠᠵᠤ ᠦᠢᠯᠡᠳᠪᠦᠷᠢ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠳᠤᠮᠳᠠ ᠲᠡᠭᠡᠲᠤ ᠳᠡᠰ ᠲᠡᠰᠢ ᠳᠠᠪᠰᠢᠬᠤ ᠶᠢ ᠲᠦᠯᠬᠢᠨ ᠠᠬᠢᠭᠤᠯᠤᠨ᠎ᠠ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠤᠰᠤᠲᠥ᠋ᠷᠥᠭᠴᠢ | ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠠᠵᠤ ᠠᠬᠤᠢ ᠶᠢ | ᠬᠥᠭᠵᠢᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠠᠵᠤ | ᠦᠢᠯᠡᠳᠪᠦᠷᠢ ᠶᠢᠨ ᠲᠠᠭᠠᠯᠳᠠ ᠦᠢᠯᠡᠳᠬᠦᠨ ᠪᠤᠯᠬᠤ ᠤᠰᠤᠲᠥ᠋ᠷᠥᠭᠴᠢ ᠶᠢ ᠶᠡᠷᠦᠩᠬᠡᠶᠢᠯᠡᠨ ᠠᠰᠢᠭᠯᠠᠬᠤ ᠲᠥᠷᠥᠯ | ᠵᠦᠢᠯ ᠢ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠤᠰᠤᠲᠥ᠋ᠷᠥᠭᠴᠢ ᠲᠦᠯᠡᠰᠢᠨ ᠴᠠᠭᠢᠯᠭᠠᠨ ᠴᠡᠨᠡᠭ | ᠴᠠᠬᠢᠯᠭᠠᠨ ᠣᠪᠣᠭ᠎ᠠ ᠵᠡᠷᠭᠡ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠣᠨ | ᠠᠪᠴᠢᠷᠠᠵᠦ᠂ ᠤᠰᠤᠲᠥ᠋ᠷᠥᠭᠴᠢ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ ᠶᠢ ᠪᠦᠬᠦ ᠬᠦᠴᠦᠨ ᠢᠶᠠᠷ | ᠪᠠᠶᠢᠭᠤᠯᠤᠨ᠎ᠠ᠃ ᠡᠨᠧᠷᠭᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠤᠰᠤ ᠲᠠᠲᠠᠵᠤ ᠡᠨᠧᠷᠭᠢ | ᠬᠠᠳᠠᠭᠠᠯᠠᠬᠤ ᠴᠠᠭᠢᠯᠭᠠᠨ ᠦᠷᠳᠡᠭᠡᠨ ᠤ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠿᠦᠨ ᠲᠠᠢ ᠰᠢᠨ᠎ᠡ | ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠤᠰᠤᠲᠥ᠋ᠷᠥᠭᠴᠢ | ᠡᠨᠧᠷᠭᠢ ᠵᠡᠷᠭᠡ ᠨᠢᠭᠡ ᠪᠦᠯᠦᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠪᠦᠦ | ᠦ᠋ ᠨᠡᠭᠦᠷᠡᠰᠦᠨ ᠮᠠᠲ᠋ᠧᠷᠢᠶᠠᠯ ᠤᠨ ᠵᠡᠭᠦᠯᠢᠭ ᠬᠡᠦᠷᠡᠰᠦ᠂ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠦᠷᠢᠶᠡᠯᠡᠩ᠂ ᠣᠣ ᠯᠢ ᠰᠢᠯ ᠤᠨ ᠰᠢᠷᠬᠡᠭ ᠵᠡᠷᠭᠡ ᠲᠥᠷᠥᠯ ᠵᠦᠢᠯ ᠢ ᠠᠰᠢᠭᠯᠠᠯᠳᠠ ᠳᠤ ᠣᠷᠣᠭᠤᠯᠤᠨ | ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠤᠨ | ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠨᠠᠷᠢᠯᠢᠭᠵᠢᠭᠤᠯᠤᠨ ᠰᠢᠯᠢᠳᠡᠭᠵᠢᠭᠦᠯᠦᠨ᠎ᠡ᠃ | ᠵᠢᠭᠤᠯᠴᠢᠯᠠᠯ ᠤᠨ ᠡᠬᠢ ᠪᠠᠶᠠᠯᠢᠭ ᠢ ᠲᠦᠷᠭᠡᠳᠬᠡᠨ ᠡᠮᠬᠢᠯᠡᠨ ᠨᠡᠶᠢᠯᠡᠭᠦᠯᠵᠦ᠂ ᠪᠦᠬᠦ ᠣᠷᠣᠨ ᠪᠦᠰᠡ ᠶᠢᠨ | ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠬᠠᠲᠤᠨ ᠭᠤᠤᠯ ᠳᠠᠭᠠᠤ ᠶᠢᠨ ᠠᠭᠤᠯᠠ ᠲᠣᠭᠤᠷᠢᠭᠰᠠᠨ ᠨᠣᠭᠤᠭᠠᠨ | ᠵᠠᠮ ᠤᠨ ᠰᠢᠰᠲ᠋ᠧᠮ᠂ ᠰᠡᠯᠡᠭᠦᠴᠡᠯ ᠤᠨ ᠥᠷᠲᠡᠭᠡ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ | ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠲᠤᠰᠬᠠᠶ ᠱᠤᠭᠤᠮ ᠢ ᠨᠡᠭᠡᠭᠡᠨ ᠬᠥᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ︽几︾ ᠦᠰᠦᠭᠲᠦ ᠲᠤᠬᠤᠢ ᠶᠢᠨ ᠰᠣᠶᠣᠯ | ᠵᠢᠭᠤᠯᠴᠢᠯᠠᠯ ᠤᠨ ᠪᠦᠰᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠨ᠎ᠠ᠃ ᠦᠬᠠᠶ ᠨᠠᠭᠤᠷ ᠤᠨ ᠵᠢᠭᠤᠯᠴᠢᠯᠠᠯ ᠠᠮᠠᠷᠠᠯᠲᠠ ᠶᠢᠨ ᠣᠷᠣᠨ ᠤ ᠦᠵᠡᠮᠵᠢ ᠶᠢᠨ ᠣᠷᠣᠨ ᠤ | ᠠᠭᠤᠯᠤᠭᠳᠠᠬᠤᠨ ᠢ ᠪᠠᠶᠠᠯᠢᠭᠵᠢᠭᠤᠯᠵᠤ᠂ ᠦᠬᠠᠶ ᠨᠠᠭᠤᠷ ᠵᠢᠴᠢ ᠡᠷᠭᠢᠨ ᠲᠣᠭᠤᠷᠢᠨ ᠤ ᠵᠢᠭᠤᠯᠴᠢᠯᠠᠯ ᠤᠨ ᠡᠬᠢ | ᠪᠠᠶᠠᠯᠢᠭ ᠤᠨ ᠨᠡᠭᠡᠭᠡᠯᠲᠡ ᠶᠢ ᠲᠦᠷᠭᠡᠳᠭᠡᠨ᠎ᠡ᠃ ᠭᠠᠨᠳᠠᠷᠢ ᠠᠭᠤᠯᠠᠨ ᠤ ᠠᠮᠢ ᠠᠬᠤᠢ ᠶᠢᠨ ᠪᠣᠯᠪᠠᠰᠤᠨ ᠤ | ᠦᠵᠡᠮᠵᠢ ᠶᠢᠨ ᠣᠷᠣᠨ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠷᠪᠠᠨ ᠨᠢᠭᠡᠳᠦᠭᠡᠷ ᠬᠤᠭᠤᠴᠠᠭᠠᠨ ᠤ | ᠬᠠᠲᠤᠨ ᠭᠤᠤᠯ ᠤᠨ ᠭᠡᠷᠡᠯᠲᠦ ᠰᠤᠪᠤᠳ · ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠵᠢᠴᠢ | ᠳᠣᠯᠣᠳᠤᠭᠠᠷ ᠬᠤᠭᠤᠴᠠᠭᠠᠨ ᠤ ᠣᠯᠠᠨ ᠤᠯᠤᠰ ᠤᠨ ᠤᠷᠠᠨ ᠪᠢᠴᠢᠯᠭᠡ ᠶᠢᠨ ᠠᠵᠤ ᠦᠢᠯᠡᠰ ᠤᠨ ᠦᠵᠡᠰᠬᠦᠯᠡᠩ ᠢ | ᠡᠷᠭᠢᠯᠡᠵᠦ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ︾ ᠬᠡᠬᠦ ᠰᠣᠶᠣᠯ ᠤᠨ ᠨᠡᠷᠡᠲᠤ ᠲᠡᠮᠳᠡᠭ ᠢ | ᠣᠯᠠᠮ ᠢᠶᠠᠷ ᠠᠯᠳᠠᠷᠰᠢᠭᠤᠯᠤᠨ᠎ᠠ᠃ ᠣᠶᠤᠨᠯᠢᠭ ᠷᠠᠳᠢᠣ᠋ ᠲᠧᠯᠸᠢᠰ ᠵᠡᠷᠭᠡ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠯᠠᠪᠳᠠᠭᠤᠨ ᠪᠠᠲᠤᠳᠠᠢ ᠲᠦᠯᠬᠢᠨ ᠠᠬᠢᠭᠤᠯᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯᠯᠠᠭ᠎ᠠ ᠶᠢ | ᠰᠠᠶᠢᠲᠤᠷ ᠡᠷᠭᠢᠯᠡᠨ᠎ᠡ᠃ ᠪᠦᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ ᠴᠢᠬᠤᠯᠠ | ᠶᠡᠭᠡ ᠤᠷᠤᠯᠳᠤᠭᠠᠨ ᠢ ᠡᠷᠬᠢᠯᠡᠵᠦ᠂ ᠬᠥᠳᠡᠯᠭᠡᠭᠡᠨ ᠤ ᠬᠤᠲᠠ᠂ ᠡᠷᠡᠭᠦᠯ ᠬᠤᠲᠠ ᠶᠢ ᠪᠠᠶᠢᠭᠤᠯᠤᠨ᠎ᠠ᠃ ᠠ ᠯᠢ | ᠡᠭᠦᠯᠡᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠬᠠᠢ ᠢ ᠲᠦᠩ ᠤᠶᠤᠨᠲᠤ ᠪᠠᠷᠠᠭᠠᠨ ᠤ ᠬᠦᠢᠯᠭᠡᠭᠡ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠦᠬᠠᠢ ᠶᠢᠨ ᠬᠤᠶᠢᠲᠤ ᠶᠢᠨ ᠪᠠᠷᠠᠭᠠᠨ ᠤ | ᠲᠠᠯᠠᠪᠠᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ᠲᠠᠪᠴᠠᠩ ᠤᠨ ᠠᠵᠤ ᠠᠬᠤᠶ᠂ ᠰᠥᠨᠢ ᠶᠢᠨ ᠠᠵᠤ | ᠠᠬᠤᠶ᠂ ᠰᠦᠯᠵᠢᠶᠡᠨ ᠤ ᠤᠳᠣ ᠶᠢᠨ ᠠᠵᠤ ᠠᠬᠤᠶ᠂ ᠲᠡᠷᠢᠬᠦᠨ ᠤ ᠳᠡᠯᠭᠡᠭᠦᠷ ᠤᠨ ᠠᠵᠤ ᠠᠬᠤᠶ ᠶᠢ ᠬᠦᠴᠦᠯᠡᠨ | ᠪᠤᠶᠢᠵᠢᠭᠤᠯᠤᠨ ᠬᠥᠭᠵᠢᠭᠦᠯᠵᠦ᠂ ᠣᠨᠴᠠᠯᠢᠭᠲᠤ ᠵᠡᠭᠡᠯᠢ ᠲᠣᠭᠤᠷᠢᠭ ᠪᠠ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ | ᠪᠣᠶ ᠪᠣᠯᠭᠠᠵᠤ᠂ ᠬᠡᠷᠡᠭᠯᠡᠭᠡ ᠶᠢᠨ ᠲᠠᠰ ᠳᠡᠪᠰᠢᠬᠦ ᠶᠢ ᠬᠥᠲᠥᠯᠦᠨ ᠳᠠᠭᠠᠭᠤᠯᠵᠤ ᠠᠬᠢᠭᠤᠯᠤᠨ᠎ᠠ᠃ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠤᠶᠢᠵᠢᠭᠤᠯᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠬᠦᠯᠵᠦ᠂ | ᠲᠥᠷᠥ ᠶᠢᠨ ᠪᠣᠳᠣᠯᠭ᠎ᠠ ᠪᠠᠷ ᠲᠡᠳᠬᠦᠬᠦ ᠪᠠ ᠬᠠᠪᠰᠤᠷᠤᠨ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠵᠤ᠂ ᠠᠵᠤ | ᠠᠬᠤᠶᠢᠯᠠᠯ ᠤᠨ ᠰᠢᠭᠤᠳ ᠪᠠᠯᠠ ᠲᠣᠬᠢᠷᠠᠭᠤᠯᠭ᠎ᠠ ᠶᠢᠨ ᠬᠠᠷᠢᠴᠠᠯ ᠢ ᠥᠷᠭᠡᠳᠬᠡᠨ᠎ᠡ᠃ ᠪᠠᠩᠬᠢ ᠵᠡᠷᠭᠡ ᠮᠥᠩᠭᠦᠨ | ᠬᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠤᠤᠯ ᠢᠷᠡᠯᠳᠡ ᠳᠤᠨᠢ ᠪᠤᠴᠠᠭᠠᠯᠭᠠᠵᠤ᠂ | ᠭᠤᠤᠯ ᠠᠵᠢᠯ ᠳᠤᠨᠢ ᠠᠩᠬᠠᠷᠤᠯ ᠢ ᠨᠢ ᠲᠥᠪᠯᠡᠷᠡᠭᠦᠯᠦᠨ᠂ ᠪᠣᠳᠠᠲᠤ ᠴᠣᠭᠴᠠ ᠶᠢᠨ ᠠᠵᠤ ᠠᠬᠤᠶ ᠶᠢᠨ | ᠬᠥᠭᠵᠢᠯᠲᠡ ᠶᠢ ᠳᠡᠮᠵᠢᠨ᠎ᠡ᠃ ᠵᠠᠰᠠᠭ ᠮᠥᠩᠭᠦᠨ ᠬᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠶᠢ ᠴᠢᠩᠭᠠᠳᠬᠠᠵᠤ᠂ | ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠯ᠂ ᠬᠤᠪᠢ ᠪᠠᠷ ᠢᠶᠠᠨ ᠰᠲ᠋ᠣᠺ ᠤᠨ ᠡᠷᠬᠡ ᠶᠢᠨ ᠰᠠᠭᠤᠷᠢ ᠮᠥᠩᠭᠦ | ᠴᠤᠭᠯᠠᠭᠤᠯᠬᠤ ᠵᠡᠷᠭᠡ ᠮᠥᠩᠭᠦᠨ ᠬᠦᠢᠯᠭᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ | ︵ᠳᠥᠷᠪᠡᠨ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠳᠤ ᠲᠥᠯᠥᠪᠯᠡᠨ | ᠠᠬᠢᠭᠤᠯᠤᠨ᠎ᠠ | ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠰᠠᠭᠤᠷᠢ ᠪᠠᠨ ᠪᠠᠲᠤᠳᠬᠠᠨ ᠦᠨᠳᠦᠰᠦ ᠪᠠᠨ | ᠪᠠᠬᠢᠵᠢᠬᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ | ᠲᠦᠬᠦᠭᠡᠷᠦᠮᠵᠢ ᠶᠢ ᠨᠢᠭᠡ ᠴᠣᠭᠴᠠᠵᠢᠭᠤᠯᠬᠤ ᠶᠢ ᠲᠦᠷᠭᠡᠳᠬᠡᠵᠦ᠂ ᠬᠤᠲᠠ ᠬᠥᠳᠡᠭᠡ ᠶᠢ ᠠᠭᠤᠰᠤᠯᠴᠠᠭᠤᠯᠤᠨ | ᠤᠷᠢᠳᠠᠪᠠᠷ ᠬᠦᠭᠵᠢᠬᠦᠯᠬᠦ ᠣᠷᠣᠨ ᠤ ᠠᠵᠢᠯᠯᠠᠭᠠᠨ ᠤ ᠵᠠᠭᠪᠤᠷ ᠢ ᠦᠨᠳᠦᠰᠦᠨ ᠳᠡᠭᠡᠨ ᠪᠠᠶᠢᠭᠤᠯᠬᠤ ᠶᠢ ᠠᠬᠢᠭᠤᠯᠤᠨ᠎ᠠ᠃ | ᠬᠤᠲᠠ ᠶᠢᠨ ᠴᠢᠳᠠᠪᠬᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠪᠡᠯᠡ ᠣᠷᠣᠭᠤᠯᠵᠤ ᠪᠡᠯᠡ ᠲᠤᠬᠢᠷᠠᠭᠤᠯᠬᠤ ᠲᠣᠭᠲᠠᠴᠠ | ᠪᠠᠨ ᠲᠡᠭᠦᠯᠳᠡᠷᠵᠢᠭᠦᠯᠵᠦ᠂ ᠬᠤᠲᠠ ᠶᠢᠨ ᠳᠦᠷᠢ ᠲᠥᠷᠬᠦ ᠶᠢ ᠨᠠᠷᠢᠯᠢᠭ ᠱᠤᠭᠤᠵᠤ᠂ ᠬᠤᠲᠠ ᠶᠢᠨ ᠴᠢᠨᠠᠷ ᠳᠡᠰ ᠢ | ᠳᠡᠭᠡᠭᠰᠢᠯᠡᠭᠦᠯᠦᠨ᠎ᠡ᠃ ᠥᠨᠳᠥᠷ ᠲᠦᠪᠰᠢᠨ ᠢᠶᠠᠷ ᠬᠤᠲᠠ ᠶᠢ ᠲᠥᠯᠥᠪᠵᠢᠭᠦᠯᠦᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ | ᠵᠣᠬᠢᠶᠠᠵᠤ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠪᠦᠬᠦ ᠲᠠᠯ᠎ᠠ ᠪᠠᠷ ᠲᠦᠯᠬᠢᠨ ᠠᠭᠢᠭᠤᠯᠤᠨ᠎ᠠ᠃ | ᠲᠥᠯᠥᠪᠵᠢᠭᠦᠯᠭᠡ ᠶᠢᠨ ᠣᠶᠢᠯᠠᠭᠠᠭᠳᠠᠬᠤᠨ ᠳᠤ ᠰᠢᠨ᠎ᠡ ᠶᠢ ᠡᠭᠦᠳᠴᠦ᠂ ᠦᠬᠠᠶ ᠶᠢᠨ ᠭᠠᠵᠠᠷ ᠣᠷᠣᠨ ᠤ ᠣᠨᠴᠠᠯᠢᠭ ᠢ | ᠢᠯᠡᠷᠡᠭᠦᠯᠦᠨ᠂ ᠬᠤᠲᠠ ᠶᠢᠨ ᠳᠤᠷᠠᠰᠤᠮᠵᠢ ᠶᠢ ᠦᠯᠡᠳᠡᠭᠡᠵᠦ᠂ ᠬᠤᠲᠠ ᠶᠢᠨ ᠵᠣᠴᠢᠯᠠᠬᠤ ᠲᠢᠩᠬᠢᠮ ᠢ ᠪᠠᠶᠢᠭᠤᠯᠤᠨ᠎ᠠ᠃ | ᠲᠥᠯᠥᠪᠵᠢᠭᠦᠯᠭᠡ ᠶᠢᠨ ᠴᠢᠩᠭ᠎ᠠ ᠬᠢᠵᠠᠭᠠᠷᠯᠠᠯ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠨᠢᠭᠡ ᠬᠠᠭᠤᠳᠠᠰᠤ | ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠪᠡᠶᠡᠯᠡᠭᠦᠯᠦᠨ᠎ᠡ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃ | ᠪᠤᠭᠤᠲᠤ ᠠᠴᠠ ᠢᠷᠭᠠᠢ ᠬᠦᠷᠬᠦ ᠥᠨᠳᠥᠷ ᠬᠤᠷᠳᠤᠴᠠᠲᠤ ᠲᠡᠮᠦᠷ ᠵᠠᠮ ᠤᠨ ᠦᠬᠠᠶ ᠶᠢᠨ ᠬᠡᠰᠡᠭ ᠤᠨ ᠠᠵᠢᠯ | ᠡᠬᠢᠯᠡᠭᠦᠯᠬᠦ ᠶᠢ ᠠᠬᠢᠭᠤᠯᠵᠤ᠂ ᠮᠤᠵᠢ ᠶᠢᠨ ᠵᠠᠮ ᠤᠨ 217 ᠱᠤᠭᠤᠮ ᠤᠨ ᠬᠠᠶᠢᠷᠤᠪ ᠤᠨ ᠲᠣᠬᠤᠢ ᠶᠢᠨ ᠬᠤᠲᠠ ᠶᠢ | ᠲᠣᠭᠤᠷᠢᠭᠰᠠᠨ ᠬᠡᠰᠡᠭ᠂ ᠬᠠᠢ ᠾᠦᠢ ᠱᠤᠭᠤᠮ ᠢ ᠥᠭᠡᠷᠡᠴᠢᠯᠡᠬᠦ ᠵᠡᠷᠭᠡ ᠲᠥᠷᠥᠯ ᠵᠦᠢᠯ ᠤᠨ ᠠᠬᠢᠴᠠ ᠶᠢ | ᠲᠦᠷᠭᠡᠳᠬᠡᠵᠦ᠂ ᠦᠬᠠᠶ ᠶᠢᠨ ᠠᠶᠠᠨᠴᠢᠳ ᠤᠨ ᠲᠡᠭᠡᠭᠡᠪᠦᠷᠢ ᠶᠢᠨ ᠭᠤᠤᠯ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠬᠦ ᠶᠢᠨ ᠬᠠᠮᠲᠤ ᠨᠡᠬᠦᠯᠭᠡᠨ ᠰᠢᠯᠵᠢᠬᠦᠯᠬᠦ ᠶᠢ ᠪᠡᠶᠡᠯᠡᠬᠦᠯᠵᠦ᠂ ᠭᠠᠨᠳᠠᠷᠢ ᠶᠢᠨ ᠵᠠᠰᠠᠮᠠᠯ ᠵᠠᠮ | ᠲᠡᠮᠦᠷ ᠵᠠᠮ ᠤᠨ ᠵᠦᠷᠢᠯᠢᠭ ᠬᠥᠭᠦᠷᠭᠡ ᠶᠢ ᠦᠨᠳᠦᠰᠦᠨ ᠳᠡᠭᠡᠨ ᠪᠠᠶᠢᠭᠤᠯᠤᠨ ᠪᠦᠲᠦᠭᠡᠬᠦ ᠶᠢ ᠦᠨᠡᠨᠬᠦ ᠪᠠᠲᠤᠯᠠᠨ᠎ᠠ᠃ | ᠦᠬᠠᠢ ᠠᠴᠠ ᠵᠧᠩᠵᠧᠦ ᠬᠦᠷᠬᠦ ᠵᠡᠷᠭᠡ ᠬᠤᠲᠠ ᠶᠢᠨ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠠᠭᠠᠷ | ᠠᠶᠠᠯᠠᠯ ᠤᠨ ᠱᠤᠭᠤᠮ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠬᠤᠲᠠ | ᠲᠣᠭᠤᠷᠢᠭ ᠤᠨ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠢ ᠲᠣᠣᠷ ᠪᠠ ᠵᠠᠮ ᠱᠣᠭᠤᠮ ᠢ ᠥᠭᠡᠷᠡᠴᠢᠯᠡᠬᠦ | ᠡᠷᠴᠢᠮ ᠢᠶᠠᠨ ᠴᠢᠩᠭᠠᠷᠠᠭᠤᠯᠵᠤ᠂ 80 ᠣᠯᠠᠨ ᠨᠡᠶᠢᠲᠡ ᠶᠢᠨ ᠵᠣᠷᠯᠣᠩ ᠢ ᠪᠠᠶᠢᠭᠤᠯᠤᠨ᠎ᠠ᠃ ᠬᠠᠶᠢᠷᠤᠪ ᠤᠨ ᠲᠣᠬᠤᠢ | ᠲᠤᠭᠤᠷᠢᠭ ᠤᠨ ᠬᠤᠶᠢᠲᠤ ᠬᠡᠰᠡᠭ ᠵᠡᠷᠭᠡ 4 ᠴᠡᠪᠡᠷ ᠤᠰᠤᠨ ᠤ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠬᠤ ᠶᠢ | ᠪᠠᠲᠤᠯᠠᠨ᠎ᠠ᠃ ᠴᠢᠨᠠᠷ ᠰᠠᠶᠢᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠤᠯᠠᠨ ᠠᠷᠭ᠎ᠠ ᠵᠠᠮ᠂ | ᠤᠯᠠᠨ ᠲᠡᠰ ᠲᠠᠪᠬᠤᠷᠭ᠎ᠠ ᠶᠢᠨ ᠣᠷᠣᠨ ᠰᠠᠭᠤᠴᠠ ᠶᠢᠨ ᠬᠠᠩᠭᠠᠯᠭ᠎ᠠ ᠶᠢᠨ ᠪᠦᠲᠦᠴᠡ ᠶᠢ ᠪᠠᠶᠢᠭᠤᠯᠵᠤ᠂ | ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠬᠤᠲᠠ ᠶᠢ ᠨᠠᠷᠢᠯᠢᠭ | ᠬᠠᠮᠢᠶᠠᠷᠤᠨ᠎ᠠ᠃ ︽ᠬᠠᠳᠬᠤᠮᠠᠯ ᠬᠡᠯᠪᠡᠷᠢ︾ ᠶᠢᠨ ᠬᠠᠮᠢᠶᠠᠷᠤᠯᠲᠠ ᠶᠢᠨ ᠣᠨᠣᠯᠵᠢᠬᠤᠨ ᠢ ᠪᠤᠢ ᠪᠣᠯᠭᠠᠵᠤ᠂ ᠪᠦᠬᠦ ᠤᠯᠤᠰ | ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠨ ᠪᠠᠶᠢᠭᠤᠯᠬᠤ ᠪᠠᠷ ᠪᠠᠷᠢᠴᠠ | ᠪᠣᠯᠭᠠᠨ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠳᠠ ᠶᠢᠨ ᠳᠠᠷᠤᠭ᠎ᠠ᠂ ᠲᠣᠭᠤᠷᠢᠭ ᠤᠨ ᠳᠠᠷᠤᠭ᠎ᠠ ᠶᠢᠨ ︽ᠵᠠᠰᠠᠮᠠᠯ ᠵᠠᠮ ᠢᠶᠠᠷ ᠠᠯᠪᠠᠯᠠᠬᠤ︾ ᠲᠦᠷᠢᠮ ᠢ ᠬᠡᠷᠡᠭᠵᠢᠭᠦᠯ | ᠵᠦ᠂ ᠬᠤᠳᠠ ᠶᠢᠨ ᠶᠠᠪᠤᠳᠠᠯ ᠤᠨ ᠠᠵᠢᠯ ᠤᠨ ᠲᠦᠷᠭᠡᠨ ᠲᠤᠰᠬᠠᠯ ᠤᠨ ᠲᠣᠭᠲᠠᠴᠠ ᠶᠢ ᠪᠠᠶᠢᠭᠤᠯᠵᠤ᠂ ᠬᠤᠳᠠ ᠶᠢᠨ | ᠬᠠᠮᠢᠶᠠᠷᠣᠯᠳᠠ ᠶᠢᠨ ︽ᠨᠠᠢᠮᠠ ᠶᠢ ᠠᠳᠠᠯᠢᠳᠬᠠᠬᠤ︾ ﹇8﹈ ᠶᠢ ᠴᠢᠷᠮᠠᠶᠢᠨ ᠠᠬᠢᠭᠤᠯᠵᠤ᠂ ᠬᠤᠳᠠ ᠶᠢᠨ ᠦᠡᠭᠭᠡ ᠦᠵᠡᠮᠵᠢ | ᠶᠢ ᠨᠡᠩ ᠭᠤᠶᠤ᠂ ᠨᠡᠩ ᠴᠤᠭ ᠵᠢᠪᠬᠤᠭ᠎ᠠ ᠲᠠᠢ ᠪᠣᠯᠭᠠᠨ᠎ᠠ᠃ ︽12345︾ ᠬᠤᠲᠠ ᠶᠢᠨ ᠠᠷᠠᠳ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ | ᠠᠷᠠᠳ ᠲᠤ ᠦᠢᠯᠡᠴᠢᠯᠡᠬᠦ ︽ᠶᠡᠷᠦᠩᠬᠡᠢ ᠦᠢᠯᠡᠴᠢᠯᠡᠭᠡ︾ ᠶᠢ ᠪᠠᠶᠢᠭᠤᠯᠵᠤ᠂ ᠬᠤᠲᠠ ᠶᠢᠨ ᠬᠠᠮᠢᠶᠠᠷᠣᠯᠳᠠ ᠶᠢ ᠨᠠᠩ | ᠪᠦᠯᠢᠶᠡᠨ ᠳᠤᠯᠠᠭᠠᠨ ᠪᠣᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠤᠨ᠎ᠠ᠃ ᠠᠮᠢ ᠠᠬᠤᠢ᠂ ᠥᠨᠳᠥᠷ | ᠪᠦᠲᠦᠮᠵᠢᠲᠡᠢ᠂ ᠣᠨᠴᠠᠯᠢᠭ ᠲᠠᠢ᠂ ᠣᠬᠢ ᠰᠣᠳᠣᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠰᠡᠳᠭᠢᠴᠡ ᠶᠢ | ᠪᠠᠷᠢᠮᠲᠠᠯᠠᠵᠤ᠂ ᠦᠵᠦᠮ ᠤᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠵᠤ᠂ ᠦᠵᠦᠮ ᠤᠨ ᠣᠨᠴᠠᠯᠢᠭᠲᠤ ᠵᠢᠵᠢᠭ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠦᠵᠦᠮ ᠲᠠᠷᠢᠬᠤ᠂ ᠬᠠᠳᠠᠭᠠᠯᠠᠨ ᠲᠡᠭᠡᠭᠡᠪᠦᠷᠢᠯᠡᠬᠦ᠂ | ᠪᠣᠯᠪᠠᠰᠤᠷᠠᠭᠤᠯᠬᠤ ᠵᠢᠴᠢ ᠠᠷᠢᠭᠢᠨ ᠡᠳ᠋ᠯᠡᠩ ᠢ ᠨᠢᠭᠡ ᠴᠣᠭᠴᠠᠵᠢᠭᠤᠯᠤᠭᠰᠠᠨ ᠰᠡᠯᠡᠭᠦᠴᠡᠯ ᠤᠨ ᠲᠠᠷᠢᠶᠠᠯᠠᠩ ᠤᠨ | ᠬᠥᠭᠵᠢᠯᠲᠡ ᠶᠢ ᠶᠡᠬᠡᠪᠡᠷ ᠲᠦᠯᠬᠢᠨ ᠠᠭᠢᠭᠤᠯᠵᠤ᠂ ᠭᠤᠷᠪᠠᠨ ᠠᠵᠤ ᠦᠢᠯᠡᠰ ᠢ ᠬᠠᠷᠢᠯᠴᠠᠨ ᠠᠭᠤᠰᠤᠯᠴᠠᠭᠤᠯᠤᠨ | ᠬᠠᠷᠢᠯᠴᠠᠨ ᠠᠬᠢᠭᠤᠯᠵᠤ᠂ ᠬᠤᠯᠪᠣᠭᠠᠯᠠᠨ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃ ᠤᠬᠠᠭᠤᠯᠭ᠎ᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠡᠯᠡᠬᠡᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ | ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︽ᠬᠥᠲᠥᠴᠢ | ᠠᠵᠤ ᠠᠬᠤᠶᠢᠯᠠᠯ + ᠬᠤᠷᠰᠢᠶ᠎ᠠ + ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ︾ ᠶᠢᠨ ᠵᠠᠭᠪᠤᠷ ᠢ | ᠲᠡᠭᠦᠯᠳᠡᠷᠵᠢᠭᠦᠯᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠤᠯᠪᠤᠭᠠᠲᠤ | ᠴᠣᠭᠴᠠ ᠶᠢ ᠡᠭᠦᠳᠦᠨ ᠪᠠᠶᠢᠭᠤᠯᠤᠨ᠎ᠠ᠃ ᠣᠳᠣ ᠪᠠᠶᠢᠭ᠎ᠠ ᠪᠡᠯᠡᠳᠬᠡᠮᠵᠢᠲᠦ ᠲᠠᠷᠢᠶᠠᠯᠠᠩ ᠪᠣᠯᠤᠨ ᠲᠠᠷᠢᠶᠠᠨ ᠭᠠᠵᠠᠷ ᠤᠨ | ᠡᠬᠢ ᠪᠠᠶᠠᠯᠢᠭ ᠢ ᠠᠮᠢᠳᠤᠯᠢᠭᠵᠢᠭᠤᠯᠵᠤ᠂ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠪᠣᠬᠢᠷᠲᠤᠯ ᠦᠭᠡᠢ ᠢᠳᠡᠰᠢᠨ ᠨᠤᠭᠤᠭᠠᠨ ᠤ ᠦᠢᠯᠡᠳᠪᠦᠷᠢᠯᠡᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠ | ᠪᠣᠬᠢᠷ ᠤᠰᠤ ᠶᠢ ᠬᠤᠤᠷ ᠦᠭᠡᠢ ᠪᠣᠯᠭᠠᠨ ᠰᠢᠢᠳᠪᠦᠷᠢᠯᠡᠬᠦ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ︽ᠳᠥᠷᠪᠡᠨ | ᠰᠠᠶᠢᠨ ᠬᠥᠳᠡᠭᠡ ᠲᠣᠰᠬᠤᠨ ᠤ ᠵᠠᠮ︾ ﹇9﹈ ᠪᠦᠲᠦᠭᠡᠨ ᠪᠠᠶᠢᠭᠤᠯᠤᠯᠲᠠ ᠪᠠ ᠲᠠᠷᠢᠶᠠᠯᠠᠬᠤ ᠡᠷᠦᠬᠡ ᠶᠢᠨ ᠠᠷᠢᠭᠤᠨ | ᠴᠡᠪᠡᠷ ᠵᠣᠷᠯᠣᠩ ᠢ ᠥᠭᠡᠷᠡᠴᠢᠯᠡᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠤᠰᠤ ᠬᠠᠩᠭᠠᠬᠤ ᠤᠰᠤ ᠵᠠᠯᠠᠬᠤ᠂ | ᠨᠣᠭᠤᠭᠠᠷᠠᠭᠤᠯᠤᠯᠲᠠ ᠬᠡᠷᠡᠯᠲᠤᠬᠦᠯᠭᠡ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ | ᠲᠣᠭᠲᠠᠴᠠ ᠶᠢ ᠪᠦᠷᠢᠨᠰᠢᠬᠦᠯᠵᠦ᠂ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠬᠦ ᠶᠢ | ᠠᠬᠢᠭᠤᠯᠤᠨ᠎ᠠ᠃ | ︵ᠲᠠᠪᠤ︶ ᠪᠣᠬᠢᠷᠲᠤᠯ ᠦᠭᠡᠢ ᠦᠬᠠᠢ ᠶᠢ ᠬᠦᠴᠦᠯᠡᠨ ᠴᠣᠭᠴᠠᠯᠠᠨ᠎ᠠ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ | ᠬᠦᠴᠦᠨ ᠢ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ | ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠳᠦᠰᠦᠨ ᠳᠡᠭᠡᠨ ᠪᠠᠬᠢᠵᠢᠭᠦᠯᠬᠦ ᠶᠢ ᠠᠬᠢᠭᠤᠯᠵᠤ᠂ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠠᠮᠢ ᠠᠬᠤᠢ ᠶᠢ ᠵᠠᠶᠢᠯᠠᠰᠢ ᠦᠭᠡᠢ | ᠰᠣᠩᠭᠤᠯᠲᠠ ᠪᠣᠯᠭᠠᠵᠤ᠂ ᠪᠣᠬᠢᠷᠲᠤᠯ ᠦᠭᠡᠢ ᠪᠠᠶᠢᠬᠤ ᠶᠢ ᠨᠡᠶᠢᠳᠡᠮ ᠤᠨ ᠬᠡᠯᠪᠡᠷᠢ ᠪᠣᠯᠭᠠᠨ᠎ᠠ᠃ ᠠᠮᠢ ᠠᠬᠤᠢ ᠶᠢ | ᠵᠠᠰᠠᠨ ᠰᠡᠷᠭᠦᠭᠡᠬᠦ ᠶᠢ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ ᠶᠢᠨ ᠲᠦᠯᠦᠪᠵᠢᠬᠦᠯᠭᠡ ᠶᠢᠨ ᠲᠣᠪᠴᠢ ᠶᠢ ᠨᠠᠶᠢᠷᠠᠭᠤᠯᠤᠨ ᠵᠣᠬᠢᠶᠠᠵᠤ᠂ ᠬᠠᠲᠤᠨ ᠭᠤᠤᠯ | ᠳᠠᠭᠠᠤ ᠶᠢᠨ ᠡᠷᠭᠢ ᠶᠢᠨ ᠱᠤᠭᠤᠮ ᠢ ᠰᠡᠷᠭᠡᠷᠢᠯᠡᠨ ᠬᠠᠮᠠᠭᠠᠯᠠᠬᠤ᠂ ᠲᠠᠩ ᠭᠠᠵᠠᠷ ᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ ᠦᠬᠠᠶ ᠨᠠᠭᠤᠷ ᠢ ᠴᠡᠪᠡᠷᠰᠢᠭᠦᠯᠬᠦ ᠪᠠ ᠲᠣᠭᠤᠰᠣ ᠳᠡᠭᠳᠡᠬᠦ ᠶᠢ ᠵᠠᠰᠠᠬᠤ ᠶᠢ | ᠯᠠᠪᠳᠠᠭᠤᠨ ᠢᠶᠠᠷ ᠠᠬᠢᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠴᠡᠪᠡᠷᠯᠡᠨ ᠴᠡᠭᠴᠡᠯᠡᠵᠦ | ᠵᠠᠰᠠᠬᠤ ᠶᠢ ᠪᠡᠶᠡᠯᠡᠬᠦᠯᠦᠨ᠎ᠡ᠃ ᠬᠤᠳᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ | ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ 3 | ᠢᠨᠵᠧᠨᠧᠷᠢᠩ ᠢ ᠪᠠᠶᠢᠭᠤᠯᠤᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ | ᠪᠠᠶᠢᠴᠠᠭᠠᠯᠲᠠ ᠶᠢ ᠪᠡᠶᠡᠯᠡᠭᠦᠯᠵᠦ᠂ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ | ᠬᠡᠮᠵᠢᠶᠡᠨ ᠤ ᠬᠦᠢᠴᠡᠳᠭᠡᠯ ᠲᠤᠭ᠎ᠠ ᠶᠢ ᠬᠢᠵᠠᠭᠠᠷᠯᠠᠬᠤ ᠶᠢ ᠬᠡᠷᠡᠭᠵᠢᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠢ | ᠬᠠᠮᠢᠶᠠᠷᠤᠨ ᠡᠵᠡᠮᠳᠡᠬᠦ ᠪᠠ ᠰᠡᠷᠭᠦᠭᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ | ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠡᠷᠴᠢᠮ ᠢᠶᠠᠨ ᠨᠡᠮᠡᠭᠳᠡᠭᠦᠯᠵᠦ᠂ ᠪᠣᠬᠢᠷᠲᠤᠭᠰᠠᠨ | ᠭᠠᠵᠠᠷ ᠤᠨ ᠬᠡᠰᠡᠭ ᠤᠨ ᠠᠶᠤᠯ ᠦᠭᠡᠶ ᠠᠰᠢᠭᠯᠠᠯᠲᠠ ᠶᠢᠨ ᠨᠣᠷᠮ᠎ᠠ ᠶᠢ 90% ᠠᠴᠠ ᠳᠡᠭᠡᠭᠰᠢ ᠪᠤᠯᠭᠠᠬᠤ ᠶᠢ ᠦᠨᠡᠨᠬᠦ | ᠪᠠᠲᠤᠯᠠᠨ᠎ᠠ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠤᠨ᠎ᠠ᠃ ᠣᠶ ᠰᠢᠭᠤᠶ | ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠦᠬᠠᠶ ᠨᠠᠭᠤᠷ ᠤᠨ | ᠡᠷᠬᠢᠨ ᠲᠣᠭᠤᠷᠢᠨ ᠵᠡᠷᠭᠡ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 5000 ᠮᠥ ᠣᠶᠢᠵᠢᠭᠤᠯᠬᠤ ᠡᠭᠦᠷᠭᠡ ᠶᠢ ᠪᠡᠶᠡᠯᠡᠬᠦᠯᠦᠨ᠎ᠡ᠃ | ᠬᠠᠤᠯᠢ ᠪᠤᠰᠣ ᠪᠠᠷᠢᠯᠭ᠎ᠠ ᠶᠢ ᠨᠣᠷᠠᠭᠠᠨ ᠨᠤᠭᠤᠭᠠᠷᠠᠭᠤᠯᠬᠤ᠂ ᠵᠠᠢ ᠵᠠᠪᠰᠠᠷ ᠢ ᠠᠯᠳᠠᠯ ᠦᠭᠡᠢ ᠨᠤᠭᠤᠭᠠᠷᠠᠭᠤᠯᠬᠤ᠂ | ᠬᠠᠯᠴᠠᠭᠠᠢ ᠬᠥᠷᠥᠰᠥ ᠪᠤᠯᠭᠠᠨ ᠢ ᠨᠣᠭᠤᠭᠠᠷᠠᠭᠤᠯᠬᠤ ᠪᠠᠷ ᠳᠠᠮᠵᠢᠨ᠂ ᠨᠢᠭᠡ ᠪᠦᠯᠦᠭ ᠪᠢᠴᠢᠯ ᠬᠡᠯᠪᠡᠷᠢ ᠶᠢᠨ ᠴᠡᠴᠡᠷᠯᠢᠭ | ᠪᠠ ᠬᠤᠲᠠ ᠶᠢᠨ ᠨᠤᠭᠤᠭᠠᠨ ᠭᠠᠵᠠᠷ ᠢ ᠪᠠᠶᠢᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ | ᠵᠣᠬᠢᠴᠠᠭᠤᠯᠤᠨ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠠᠭ᠎ᠠ ᠶᠢᠨ ᠲᠡᠭᠡᠭᠡᠪᠦᠷᠢ ᠶᠢᠨ ︽ᠵᠠᠰᠠᠮᠠᠯ ᠵᠠᠮ ᠤᠨ | ᠬᠢ ᠶᠢ ᠲᠡᠮᠦᠷ ᠵᠠᠮ ᠤᠨ ᠬᠢ ᠪᠣᠯᠭᠠᠬᠤ︾ ᠶᠢ ᠯᠠᠪᠳᠠᠭᠤᠨ ᠢᠶᠠᠷ ᠠᠬᠢᠭᠤᠯᠤᠨ᠎ᠠ᠃ ᠤᠯᠤᠰ ᠤᠨ ᠶᠡᠭᠡ ᠬᠡᠮᠵᠢᠶᠡᠨ ᠤ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ | ᠠᠰᠢᠭᠯᠠᠬᠤ ᠵᠡᠷᠭᠡ ᠠᠵᠤ ᠦᠢᠯᠡᠰ ᠢ ᠬᠥᠭᠵᠢᠭᠦᠯᠦᠨ᠎ᠡ᠃ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ | ᠮᠠᠶ᠋ᠢᠭ ᠢ ᠢᠳᠡᠪᠬᠢᠲᠡᠶ ᠪᠠᠷ ᠰᠠᠨᠠᠭᠠᠴᠢᠯᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠨ ᠲᠤᠷᠰᠢᠯᠲᠠ ᠬᠢᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠥᠷᠨᠢᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠦᠨ᠎ᠡ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ | ᠠᠮᠢᠲᠤᠷᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠦᠴᠢᠷ ᠠᠰᠠᠭᠤᠳᠠᠯ ᠳᠤ ᠰᠢᠭᠤᠳ | ᠬᠠᠨᠳᠤᠵᠤ᠂ ᠪᠤᠳᠠᠳᠠᠢ ᠠᠵᠢᠯ ᠢ ᠢᠯᠡᠭᠦᠬᠡᠨ ᠬᠢᠵᠦ᠂ ᠰᠢᠯᠢᠳᠡᠭ ᠰᠤᠷᠭᠠᠨ ᠬᠦᠮᠦᠵᠢᠯ ᠰᠢᠯᠢᠳᠡᠭ ᠡᠮᠴᠢᠯᠡᠬᠡᠨ ᠤ | ᠲᠦᠭᠡᠮᠡᠯ ᠬᠠᠷᠠᠭᠠᠯᠵᠠᠯ ᠤᠨ ᠣᠷᠣᠨ ᠤ ᠨᠡᠶᠢᠭᠡᠮ ᠤᠨ ᠨᠥᠯᠥᠭᠡᠯᠡᠯ ᠢ ᠦᠨᠳᠦᠰᠦᠨ ᠳᠡᠭᠡᠨ ᠢᠯᠡᠷᠡᠭᠦᠯᠬᠦ ᠶᠢ | ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠬᠤ ᠪᠣᠯᠪᠠᠰᠤᠷᠠᠭᠤᠯᠤᠯ᠂ ᠠᠳᠠᠯ ᠦᠢᠯᠡᠰ | ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠲᠡᠭᠡᠲᠤ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ | ᠬᠥᠮᠦᠰ ᠲᠤ ᠠᠵᠢᠯ ᠣᠯᠭᠤᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠤᠲᠠ ᠪᠠᠯᠭᠠᠰᠣᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠬᠠᠷᠠᠯᠲᠠ ᠶᠢᠨ ᠳᠣᠲᠣᠷ᠎ᠠ ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠳᠠᠩᠰᠠᠯᠠᠯᠲᠠ ᠶᠢᠨ ᠲᠥᠯᠥᠪᠯᠡᠭᠡ ᠶᠢ ᠭᠦᠨᠵᠡᠭᠡᠶ ᠬᠡᠷᠡᠭᠵᠢᠬᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠡᠮᠴᠢᠯᠡᠭᠡᠨ ᠤ ᠪᠠᠶᠢᠭᠤᠯᠤᠮᠵᠢ ᠬᠢᠭᠡᠳ ᠨᠠᠰᠤᠵᠢᠯ ᠤᠨ ᠪᠠᠶᠢᠭᠤᠯᠤᠮᠵᠢ ᠶᠢᠨ | ᠬᠠᠮᠲᠤᠷᠠᠯᠴᠠᠭᠠᠨ ᠤ ᠲᠤᠷᠰᠢᠯᠲᠠ ᠶᠢ ᠥᠷᠨᠢᠭᠦᠯᠵᠦ᠂ ᠬᠤᠲᠠ ᠶᠢᠨ ᠨᠠᠰᠤᠲᠠᠶᠢᠴᠤᠳ ᠤᠨ ᠰᠤᠪᠢᠯᠠᠯᠲᠠ ᠶᠢᠨ ᠲᠥᠪ | ᠵᠡᠷᠭᠡ ᠨᠠᠰᠤᠵᠢᠯ ᠤᠨ ᠪᠠᠶᠢᠭᠤᠯᠤᠮᠵᠢ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠬᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠡᠷᠴᠢᠮ ᠢᠶᠠᠨ | ᠴᠢᠩᠭᠠᠷᠠᠭᠤᠯᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠣᠭᠤᠮ ᠢ | ᠪᠠᠲᠤᠯᠠᠨ᠎ᠠ᠃ ᠬᠠᠭᠤᠴᠢᠨ ᠰᠠᠭᠤᠭᠠᠯᠢ ᠲᠣᠭᠤᠷᠢᠭ ᠪᠣᠯᠤᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠵᠦ᠂ 4390 ᠢᠵᠢ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠤᠨ ᠦᠭᠡᠷᠡᠴᠢᠯᠡᠯᠳᠡ ᠶᠢᠨ ᠣᠷᠣᠨ ᠰᠠᠭᠤᠴᠠ ᠶᠢ ᠪᠠᠷᠢᠯᠭ᠎ᠠ ᠡᠬᠢᠯᠡᠭᠦᠯᠵᠦ᠂ 3390 ᠢᠵᠢ | ᠣᠷᠣᠨ ᠰᠠᠭᠤᠴᠠ ᠶᠢ ᠦᠨᠳᠦᠰᠦᠨ ᠳᠡᠭᠡᠨ ᠪᠠᠶᠢᠭᠤᠯᠵᠤ ᠲᠠᠭᠤᠰᠬᠠᠨ᠎ᠠ᠃ ᠨᠢᠭᠡ ᠪᠦᠯᠦᠭ ᠠᠰᠠᠭᠤᠳᠠᠯ ᠲᠠᠢ ᠠᠰᠠᠷ ᠢ | ᠲᠤᠰᠢᠶᠠᠨ ᠥᠭᠴᠦ ᠬᠡᠷᠡᠭᠯᠡᠭᠦᠯᠬᠦ ᠶᠢ ᠲᠦᠯᠬᠢᠨ ᠠᠬᠢᠭᠤᠯᠵᠤ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ ᠤᠨ ᠭᠠᠷᠳᠠᠮ ᠬᠦᠢᠴᠡᠳᠭᠡᠬᠦ ᠶᠢ ᠲᠦᠷᠭᠡᠳᠬᠡᠵᠦ᠂ ᠣᠯᠠᠨ ᠲᠦᠮᠡᠨ ᠤ ᠦᠨᠡᠮᠯᠡᠯ ᠬᠦᠢᠴᠡᠳᠭᠡᠬᠦ ᠳᠤ | ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠳᠡᠢ ᠪᠠᠶᠢᠬᠤ ᠠᠰᠠᠭᠤᠳᠠᠯ ᠢ | ᠦᠨᠡᠨᠬᠦ ᠰᠠᠶᠢᠲᠤᠷ ᠰᠢᠢᠳᠪᠦᠷᠢᠯᠡᠨ᠎ᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ | ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠨ᠎ᠠ᠃ | ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠢ ᠡᠩ ᠲᠡᠷᠢᠭᠦᠨ ᠳᠤ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ 6 | ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ | ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠦᠨ᠎ᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ | ᠰᠢᠯᠢᠳᠡᠭᠵᠢᠬᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ | ᠪᠠᠶᠢᠭᠰᠠᠨ ᠠᠴᠠ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠶᠢ ᠠᠬᠢᠭᠤᠯᠤᠨ᠎ᠠ᠃ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠢ ᠴᠢᠷᠮᠠᠶᠢᠨ ᠲᠡᠭᠡᠭᠰᠢᠯᠡᠬᠦᠯᠵᠦ᠂ ︽ᠬᠤᠤᠰ ᠲᠡᠷᠢᠭᠦᠨ | ᠵᠡᠷᠭᠡ︾ ᠶᠡᠭᠡ ᠰᠤᠷᠭᠠᠭᠤᠯᠢ ᠶᠢᠨ ᠡᠯᠰᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠨᠡᠷᠡᠲᠦ ᠰᠤᠷᠭᠠᠭᠤᠯᠢ ᠶᠢᠨ ᠵᠠᠬᠢᠷᠤᠯ᠂ | ᠨᠡᠷᠡᠲᠦ ᠪᠠᠭᠰᠢ ᠶᠢ ᠬᠥᠮᠦᠵᠢᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠬᠦᠯᠵᠦ᠂ ᠪᠠᠭᠰᠢ ᠶᠢᠨ ᠡᠩᠨᠡᠭᠡᠨ ᠤ ᠪᠦᠬᠦᠯᠢ | ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠬᠠᠶ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠠᠷᠤ ᠲᠠᠯ᠎ᠠ ᠶᠢᠨ | ᠦᠢᠯᠡᠴᠢᠯᠡᠭᠡᠨ ᠤ ᠨᠡᠶᠢᠭᠡᠮᠴᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠦᠨᠳᠦᠰᠦᠲᠡᠨ ᠤ | ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ | ᠯᠠᠪᠳᠠᠭᠤᠨ ᠢᠶᠠᠷ ᠬᠥᠭᠵᠢᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠬᠡᠨᠡᠳᠳᠡ ᠶᠢᠨ ᠬᠦᠨᠳᠦ ᠣᠨᠴᠠ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠷᠤᠮᠵᠢᠯ ᠪᠠ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠵᠠᠰᠠᠬᠤ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ︽ᠭᠤᠷᠪᠠᠨ ᠡᠮᠴᠢᠯᠡᠭᠡ ᠬᠠᠮᠲᠤᠷᠠᠨ ᠬᠥᠳᠡᠯᠦᠯᠴᠡᠬᠦ︾ ﹇10﹈ ᠶᠢ ᠭᠦᠨᠵᠡᠭᠡᠶᠢᠷᠡᠭᠦᠯᠵᠦ᠂ | ᠡᠪᠡᠳᠴᠢᠨ ᠡᠮᠭᠡᠭ ᠢ ᠤᠨᠤᠰᠢᠯᠠᠬᠤ ᠬᠤᠯᠪᠣᠭᠳᠠᠯ ᠪᠦᠬᠦᠢ ᠳᠤᠭᠤᠶᠢᠯᠠᠩ ᠬᠤᠪᠢᠶᠠᠨ ᠵᠠᠷᠤᠳᠠᠯ ᠲᠤᠰᠢᠶᠠᠬᠤ | ᠲᠤᠷᠰᠢᠯᠲᠠ ᠶᠢᠨ ᠴᠡᠭ ᠤᠨ ᠦᠭᠡᠷᠡᠴᠢᠯᠡᠯᠳᠡ ᠶᠢ ᠲᠦᠷᠭᠡᠳᠬᠡᠵᠦ᠂ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ | ᠰᠢᠭᠤᠳ ᠲᠠᠰᠤᠯᠤᠨ ᠪᠤᠳᠤᠬᠤ ᠬᠡᠪᠴᠢᠶ᠎ᠡ ᠶᠢ ᠥᠷᠭᠡᠳᠬᠡᠨ᠎ᠡ᠃ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ | ᠮᠡᠨᠳᠦ︾ ᠶᠢᠨ ᠦᠢᠯᠡᠴᠢᠯᠡᠭᠡ ᠶᠢ ᠰᠦᠪᠡᠭᠴᠢᠯᠡᠨ᠂ ᠪᠦᠬᠦ ᠤᠯᠤᠰ ᠤᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ | ᠮᠠᠨ ᠤ ᠬᠤᠲᠠ ᠲᠡᠰᠢ ᠤᠷᠲᠤᠳᠬᠠᠬᠤ ᠶᠢ ᠠᠬᠢᠭᠤᠯᠤᠨ᠎ᠠ᠃ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠪᠠ | ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠬᠤᠳᠠ ᠶᠢᠨ ᠬᠠᠯᠳᠠᠪᠤᠷᠢᠲᠤ | ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠠᠵᠢᠯ ᠢ ᠡᠭᠢᠯᠡᠭᠦᠯᠦᠨ᠎ᠡ᠃ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠵᠡᠷᠭᠡ ᠢᠨᠵᠧᠨᠧᠷᠢᠩ ᠤᠨ ᠠᠬᠢᠴᠠ ᠶᠢ | ᠲᠦᠷᠭᠡᠳᠬᠡᠨ᠎ᠡ᠃ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ︽ᠰᠢᠨ᠎ᠡ ᠴᠠᠭ ᠦᠶ᠎ᠡ ᠶᠢᠨ ᠠᠷᠠᠳ ᠢᠷᠭᠡᠨ ᠤ ᠶᠣᠰᠣ | ᠰᠤᠷᠲᠠᠬᠤᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ︾ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠨᠡᠶᠢᠭᠡᠮ | ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ | ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ | ᠰᠣᠷᠪᠣᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ ᠤ ᠠᠵᠢᠯᠯᠠᠭ᠎ᠠ ᠶᠢ ᠥᠷᠨᠢᠭᠦᠯᠦᠨ᠂ ᠨᠡᠶᠢᠭᠡᠮ ᠤᠨ ᠵᠥᠷᠢᠴᠡᠯ | ᠵᠢᠭᠤᠷᠠᠯᠳᠤᠭᠠᠨ ᠢ ᠣᠯᠠᠨ ᠡᠰᠢᠲᠦ ᠤᠷᠢᠳᠴᠢᠯᠠᠨ ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ ᠶᠡᠷᠦᠩᠬᠡᠶᠢᠯᠡᠭᠰᠡᠨ | ᠲᠣᠭᠲᠠᠴᠠ ᠶᠢ ᠪᠦᠷᠢᠨᠰᠢᠭᠦᠯᠦᠨ᠎ᠡ᠃ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠵᠠᠰᠠᠯᠲᠠ ᠶᠢᠨ | ᠭᠤᠤᠯᠳᠠᠯᠭ᠎ᠠ ᠶᠢ ᠦᠨᠳᠦᠰᠦᠨ ᠱᠠᠲᠤᠨ ᠳᠤ ᠰᠢᠯᠵᠢᠬᠦᠯᠬᠦ ᠶᠢ ᠲᠦᠯᠬᠢᠨ ᠠᠬᠢᠭᠤᠯᠵᠤ᠂ ᠡᠷᠬᠡ ᠶᠢ ᠥᠷᠭᠡᠳᠬᠡᠨ | ᠴᠢᠳᠠᠪᠤᠷᠢ ᠣᠯᠭᠤᠬᠤ᠂ ᠳᠠᠷᠤᠭᠠᠰᠤ ᠶᠢ ᠬᠦᠩᠬᠡᠷᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠳᠠᠮᠵᠢᠭᠤᠯᠤᠨ᠂ ᠡᠷᠬᠡ | ᠬᠠᠷᠢᠭᠤᠴᠠᠯᠭ᠎ᠠ ᠲᠣᠳᠣᠷᠬᠠᠶ᠂ ᠳᠥᠭᠦᠮ ᠳᠥᠲᠡ ᠥᠨᠳᠥᠷ ᠪᠦᠲᠦᠮᠵᠢᠲᠡᠶ ᠦᠨᠳᠦᠰᠦᠨ ᠱᠠᠲᠤᠨ ᠤ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠪᠠᠯᠭᠠᠰᠤ ᠵᠡᠭᠡᠯᠢ ᠭᠤᠳᠤᠮᠵᠢ ᠶᠢᠨ ᠬᠦᠴᠦᠨ ᠢᠶᠠᠨ | ᠲᠥᠪᠯᠡᠷᠡᠭᠦᠯᠦᠨ ᠵᠠᠰᠠᠯᠲᠠ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠶᠢ ᠠᠬᠢᠭᠤᠯᠤᠨ᠎ᠠ᠃ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠨᠢᠭᠡᠳᠦᠯᠳᠡᠢ | ᠲᠥᠯᠥᠪᠯᠡᠨ ᠠᠬᠢᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ | ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠪᠣᠰᠤᠭ᠎ᠠ ᠴᠣᠭᠴᠠᠲᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠨᠠᠷᠢᠯᠢᠭ ᠣᠨᠣᠴᠠᠲᠠᠶ ᠪᠥᠭᠡᠳ ᠬᠦᠴᠦᠲᠡᠶ ᠥᠷᠨᠢᠭᠦᠯᠦᠨ᠎ᠡ᠃ | ᠬᠠᠤᠯᠢ ᠪᠤᠰᠣ ᠪᠠᠷ ᠬᠡᠬᠡᠨᠴᠢᠷ ᠰᠠᠭᠤᠴᠠ ᠪᠠᠶᠢᠭᠤᠯᠤᠭᠰᠠᠨ ᠠᠰᠠᠭᠤᠳᠠᠯ ᠢ ᠴᠡᠪᠡᠷᠯᠡᠨ ᠪᠠᠶᠢᠴᠠᠭᠠᠵᠤ ᠴᠡᠭᠴᠡᠯᠡᠨ ᠵᠠᠰᠠᠬᠤ | ᠶᠢ ᠦᠷᠭᠦᠯᠵᠢᠯᠡᠨ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ | ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ | ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠪᠠ ᠬᠢᠯᠢ | ᠬᠢᠵᠠᠭᠠᠷ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠬᠤ ᠶᠢ ᠳᠠᠮᠵᠢᠵᠤ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ᠂ ᠨᠠᠰᠤᠲᠠᠶᠢᠴᠤᠳ᠂ ᠡᠮᠡᠭᠲᠡᠶᠢᠴᠦᠳ ᠬᠡᠤᠬᠡᠳ᠂ ᠵᠡᠮᠳᠡᠭᠴᠦᠳ᠂ ᠰᠣᠨᠢᠨ ᠮᠡᠳᠡᠭᠡ ᠬᠡᠪᠯᠡᠯ ᠷᠠᠳᠢᠣ᠋ | ᠲᠧᠯᠸᠢᠰ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠠᠭ ᠠᠭᠤᠷ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ | ᠬᠢᠨ᠎ᠡ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠨᠠᠩ | ᠴᠢᠬᠤᠯᠠᠴᠢᠯᠠᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠵᠤ᠂ ᠴᠢᠨᠡᠭᠡᠯᠢᠭ ᠨᠡᠶᠢᠭᠡᠮ ᠢ ᠴᠢᠨᠠᠷ ᠰᠠᠶᠢᠲᠠᠶ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠨ᠎ᠠ᠃ | ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠦ᠂ ︽ᠳᠥᠷᠪᠡᠨ ᠤᠬᠠᠮᠰᠠᠷ︾ ᠢ | ᠪᠠᠲᠤ ᠪᠣᠶ ᠪᠤᠯᠭᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶᠡᠨ ᠳᠠᠬᠢ ᠪᠥᠬᠦ ᠶᠠᠪᠤᠴᠠ ᠳᠤ ᠨᠠᠶᠢᠳᠠᠪᠤᠷᠢᠵᠢᠭᠤᠯᠤᠨ᠎ᠠ᠃ | ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ | ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ | ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠰᠢᠷᠭᠠᠭᠤ ᠰᠤᠷᠤᠯᠴᠠᠨ ᠴᠢᠳᠠᠮᠠᠭᠠᠶ ᠰᠡᠳᠬᠢᠵᠦ᠂ ᠵᠣᠷᠢᠭᠲᠠᠶ ᠪᠠᠷ | ᠦᠢᠯᠡᠳᠦᠯᠭᠡᠵᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠡᠨ ᠬᠦ ᠠᠵᠢᠯ ᠢᠶᠠᠨ ᠰᠠᠶᠢᠲᠤᠷ ᠬᠢᠬᠦ᠂ | ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ | ᠬᠤᠪᠢᠷᠠᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ | ᠳᠦᠷᠢᠮ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠳᠦᠷᠢᠮ ᠤᠨ ᠬᠡᠷᠡᠭᠵᠢᠬᠦᠯᠦᠯᠳᠡ ᠶᠢᠨ ᠦᠯᠢᠭᠡᠷ | ᠳᠠᠭᠤᠷᠢᠶᠠᠯ ᠪᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠪᠠ ᠣᠯᠣᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠳᠤ | ᠬᠠᠷᠢᠭᠤ ᠲᠤᠰᠬᠠᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ᠂ | ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ︽ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠬᠦᠯᠬᠦ ᠳᠦᠷᠢᠮ︾ ᠢ ᠴᠢᠩᠭ᠎ᠠ | ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠷᠢᠨᠰᠢᠬᠦᠯᠵᠦ᠂ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠬᠠᠤᠯᠢ ᠪᠠᠷ ᠵᠠᠰᠠᠬᠤ | ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠳᠣᠯᠣᠳᠤᠭᠠᠷ ᠲᠠᠪᠤᠨ ᠵᠢᠯ ᠤᠨ ᠬᠠᠤᠯᠢ | ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠦᠨ᠎ᠡ᠃ | ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢ ᠪᠠᠷᠢᠮᠲᠠᠯᠠᠨ᠎ᠠ᠃ ᠦᠷ᠎ᠡ ᠠᠰᠢᠭ ᠤᠨ ᠤᠬᠠᠮᠰᠠᠷ᠂ | ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠳᠠ ᠶᠢ ᠬᠦᠴᠦᠲᠡᠢ | ᠠᠳᠬᠤᠨ᠎ᠠ᠃ ᠪᠤᠰᠢᠭᠤ ᠱᠠᠯᠠᠮᠠᠭᠠᠶ ᠪᠠᠶᠢᠬᠤ ᠪᠠ ᠤᠳᠠᠭᠠᠨ ᠳᠠᠭᠠᠭᠠᠮᠠᠭᠠᠶ ᠴᠢᠷᠮᠠᠶᠢᠯᠭ᠎ᠠ ᠭᠠᠷᠭᠠᠬᠤ ᠶᠢ ᠣᠷᠭᠠᠨᠢᠭ ᠢᠶᠠᠷ | ᠤᠶᠠᠯᠳᠣᠭᠤᠯᠵᠣ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠡᠷᠡᠰ ᠰᠢᠭᠤᠷᠬᠠᠶ ᠪᠠᠷ | ᠤᠷᠤᠭᠰᠢᠯᠠᠨ ᠲᠠᠪᠰᠢᠵᠦ᠂ ᠲᠥᠪ ᠬᠤᠷᠢᠶᠠᠨ ᠤ ᠵᠣᠷᠢᠭ ᠰᠠᠨᠠᠭ᠎ᠠ᠂ ᠲᠣᠰ ᠭᠠᠵᠠᠷ ᠤᠨ ᠪᠣᠳᠠᠲᠤ ᠪᠠᠶᠢᠳᠠᠯ ᠪᠠ ᠣᠯᠠᠨ | ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ ᠤᠴᠢᠷ ᠶᠠᠪᠤᠳᠠᠯ ᠯᠠ ᠶᠤᠮ ᠪᠣᠯ᠂ ᠵᠣᠷᠢᠭᠲᠠᠶ ᠲᠤᠷᠰᠢᠵᠤ᠂ | ᠵᠣᠷᠢᠭᠲᠠᠶ ᠠᠵᠢᠯᠯᠠᠨ᠎ᠠ᠃ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ︽ᠣᠷᠣ ᠮᠥᠷ︾ | ᠤᠨ ᠬᠠᠮᠢᠶᠠᠷᠤᠯᠲᠠ ᠶᠢ ᠪᠠᠭᠠᠰᠬᠠᠵᠦ᠂ ᠪᠢᠴᠢᠭ ᠮᠠᠲ᠋ᠧᠷᠢᠶᠠᠯ ᠬᠤᠷᠠᠯ ᠴᠤᠭᠯᠠᠭ᠎ᠠ ᠶᠢ ᠴᠣᠮᠬᠠᠳᠬᠠᠨ᠎ᠠ᠃ ᠲᠥᠪ | ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠶᠡᠬᠡᠪᠡᠷ ᠴᠡᠭᠴᠡᠯᠡᠨ ᠵᠠᠰᠠᠨ᠎ᠠ᠃ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠪᠠᠷᠢᠮᠲᠠᠯᠠᠨ᠎ᠠ᠃ ᠰᠠᠬᠢᠯᠭ᠎ᠠ ᠪᠠᠲᠤ ᠶᠣᠰᠣ ᠲᠦᠷᠢᠮ ᠢ | ᠲᠡᠷᠢᠭᠦᠨ ᠳᠤ ᠲᠠᠯᠪᠢᠵᠤ᠂ ᠡᠷᠬᠡ ᠪᠠᠨ ᠲᠥᠪ ᠭᠤᠣᠯᠴᠢ ᠪᠠᠷ ᠬᠡᠷᠡᠭᠯᠡᠬᠦ᠂ ᠡᠷᠭᠡ ᠪᠠᠨ ᠬᠠᠤᠯᠢ ᠶᠣᠰᠣᠭᠠᠷ ᠬᠡᠷᠡᠭᠯᠡᠬᠦ᠂ | ᠡᠷᠬᠡ ᠪᠠᠨ ᠠᠷᠢᠭᠤᠨ ᠴᠢᠬᠡᠴᠢ ᠪᠠᠷ ᠬᠡᠷᠡᠭᠯᠡᠬᠦ᠂ ᠠᠷᠠᠳ ᠤᠨ ᠲᠦᠯᠦᠭᠡ ᠡᠷᠬᠡ ᠪᠠᠨ ᠬᠡᠷᠡᠭᠯᠡᠬᠦ ᠶᠢ ᠪᠠᠷᠢᠮᠲᠠᠯᠠᠵᠤ᠂ | ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠣᠯᠣᠨ᠎ᠠ᠃ ᠨᠠᠮ ᠤᠨ ᠰᠤᠷᠲᠠᠯ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ | ᠡᠷᠬᠡ ᠶᠢᠨ ᠠᠵᠢᠯᠯᠠᠭᠠᠨ ᠪᠠ ᠪᠡᠯᠡ ᠮᠥᠩᠭᠦ ᠶᠢᠨ ᠬᠡᠷᠡᠭᠯᠡᠯᠲᠡ ᠶᠢ ᠬᠠᠤᠯᠢ ᠶᠣᠰᠣᠭᠠᠷ ᠵᠢᠷᠤᠮᠵᠢᠭᠤᠯᠵᠤ᠂ | ᠭᠤᠤᠯᠳᠠᠯᠭ᠎ᠠ ᠲᠠᠢ ᠬᠦᠷᠢᠶ᠎ᠡ᠂ ᠴᠢᠬᠤᠯᠠ ᠠᠵᠢᠯ ᠤᠨ ᠪᠠᠶᠢᠷᠢ ᠪᠠ ᠵᠠᠩᠬᠢᠯᠭ᠎ᠠ ᠶᠢᠨ ᠭᠤᠭᠴᠣᠭᠠᠨ ᠤ ᠠᠷᠢᠭᠤᠨ | ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠢᠯᠵᠠᠷᠠᠯ ᠢ | ᠡᠬᠢ ᠡᠭᠦᠰᠦᠯ ᠠᠴᠠ ᠨᠢ ᠬᠤᠷᠢᠭᠯᠠᠨ ᠵᠣᠭᠰᠣᠭᠠᠨ᠎ᠠ᠃ ᠬᠢᠨᠠᠨ ᠪᠤᠳᠤᠯᠲᠠ ᠶᠢ ᠨᠡᠶᠢᠳᠡᠮ ᠪᠥᠷᠬᠦᠭᠦᠯᠬᠦ ᠶᠢ ᠠᠬᠢᠭᠤᠯᠵᠤ᠂ | ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠠᠯᠪᠠᠨ ᠤ | ᠭᠤᠷᠪᠠᠨ ᠵᠠᠷᠤᠳᠠᠯ︾ ᠤᠨ 5%᠂ ᠡᠩ ᠤᠨ ᠴᠢᠨᠠᠷᠲᠠᠢ ᠵᠠᠷᠤᠯᠭ᠎ᠠ ᠶᠢᠨ 10% ᠶᠢ ᠪᠠᠭᠠᠰᠬᠠᠵᠤ᠂ ᠵᠠᠰᠠᠭ ᠤᠨ | ᠣᠷᠳᠣᠨ ᠤ ︽ᠪᠠᠴᠢᠮ ᠠᠮᠢᠳᠤᠷᠠᠯ︾ ᠢᠶᠠᠷ ᠠᠷᠠᠳ ᠣᠯᠠᠨ ᠤ ︽ᠰᠠᠶᠢᠨ ᠠᠮᠢᠲᠤᠷᠠᠯ︾ ᠢ ᠰᠣᠯᠢᠨ᠎ᠠ᠃ | ᠲᠥᠯᠥᠭᠡᠯᠡᠭᠴᠢᠳ ᠡ᠂ ᠤᠭ ᠰᠠᠨᠠᠭ᠎ᠠ ᠠᠨᠤ ᠬᠠᠳᠠᠨ ᠮᠡᠲᠦ᠂ ᠡᠭᠦᠷᠭᠡ ᠬᠠᠷᠢᠭᠤᠴᠠᠯᠭ᠎ᠠ ᠠᠨᠤ ᠮᠥᠷᠥᠨ ᠳᠤᠷ | ᠠᠮᠤᠢ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠠᠭᠴᠠ ᠬᠦ ᠥᠷᠯᠥᠭᠡ ᠦᠳᠡᠰᠢ ᠶᠢ | ᠲᠡᠮᠡᠴᠡᠵᠦ᠂ ᠵᠠᠯᠠᠭᠤ ᠽᠠᠨᠳᠠᠨ ᠨᠠᠰᠣ ᠪᠠᠨ ᠦᠯᠦ ᠬᠦᠰᠡᠷᠳᠡᠬᠦᠯᠦᠨ᠂ ᠦᠬᠠᠢ ᠶᠢᠨ ᠴᠢᠨᠠᠷ ᠰᠠᠶᠢᠳᠠᠢ ᠬᠥᠭᠵᠢᠯᠲᠡ ᠶᠢ | ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠢᠯᠠᠯᠲᠠ ᠶᠢ ᠲᠡᠮᠡᠴᠡᠨ | ᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | ᠨᠡᠷᠡᠰ ᠤᠨ ᠲᠠᠶᠢᠯᠪᠤᠷᠢ | 1. ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠄ ᠲᠠᠷᠣᠢ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ | ᠮᠥᠩᠭᠦᠨ ᠬᠦᠢᠯᠭᠡᠭᠡ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ | ᠭᠠᠳᠠᠭᠠᠲᠤ ᠪᠡᠯᠡ ᠶᠢ ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ᠂ | ᠵᠢᠱᠢᠯᠲᠡ ᠶᠢ ᠲᠣᠭᠲᠠᠭᠤᠨ ᠪᠠᠶᠢᠯᠭᠠᠬᠤ ᠪᠣᠯᠤᠨ᠎ᠠ᠃ | 2. ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠄ ᠨᠢᠭᠡ ᠱᠠᠲᠤᠨ ᠤ ᠵᠠᠰᠠᠭ ᠤᠨ ᠣᠷᠳᠣᠨ ᠨᠢᠭᠡ ᠱᠠᠲᠤᠨ ᠤ | ᠠᠵᠢᠯ ᠶᠠᠪᠤᠳᠠᠯ ᠤᠨ ᠡᠷᠬᠡ ᠶᠢᠨ ᠳᠣᠤᠷ᠎ᠠ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠦᠯᠦᠪᠵᠢᠬᠦᠯᠭᠡ᠂ ᠬᠤᠳᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ | ᠲᠥᠯᠥᠪᠵᠢᠭᠦᠯᠭᠡ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠡᠯ᠎ᠡ ᠲᠦᠷᠦᠯ ᠤᠨ ᠲᠥᠯᠥᠪᠵᠢᠭᠦᠯᠭᠡ ᠶᠢ | ᠵᠣᠯᠭᠠᠯᠳᠤᠭᠤᠯᠬᠤ ᠶᠢ ᠴᠢᠩᠭᠠᠳᠬᠠᠵᠦ᠂ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠬᠤᠳᠠ ᠶᠢᠨ ᠬᠡᠪᠴᠢᠶ᠎ᠡ ᠵᠡᠷᠭᠡ | ᠴᠢᠬᠤᠯᠠ ᠪᠣᠯᠵᠣᠯᠲᠤ ᠲᠤᠭᠠᠨ ᠤ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠵᠤ᠂ ᠣᠷᠣᠨ ᠵᠠᠶ ᠶᠢᠨ ᠪᠠᠶᠢᠷᠢᠰᠢᠯ ᠢ | ᠤᠯᠠᠮ ᠨᠢᠭᠡ ᠠᠯᠬᠤᠮ ᠰᠢᠯᠢᠳᠡᠭᠵᠢᠬᠦᠯᠦᠨ᠂ ᠭᠠᠵᠠᠷ ᠰᠢᠷᠣᠶ ᠶᠢᠨ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠬᠤ᠂ | ᠵᠠᠰᠠᠭ ᠤᠨ ᠣᠷᠳᠣᠨ ᠤ ᠣᠷᠣᠨ ᠵᠠᠶ ᠶᠢᠨ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠪᠠ ᠵᠠᠰᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢ ᠵᠢᠭᠠᠵᠤ ᠪᠣᠶ᠃ | 3. ᠭᠤᠤᠯ ᠮᠥᠷᠡᠨ ᠨᠠᠭᠤᠷ ᠴᠥᠭᠦᠷᠥᠮ ᠤᠨ ︽ᠲᠦᠷᠪᠡᠨ ᠲᠤᠷ᠎ᠠ ᠶᠢ ᠴᠡᠪᠡᠷᠯᠡᠬᠦ︾ ᠲᠤᠰᠬᠠᠶ ᠠᠵᠢᠯᠯᠠᠭ᠎ᠠ᠄ | ᠪᠥᠬᠦ ᠤᠯᠤᠰ ᠤᠨ ᠬᠡᠪᠴᠢᠶᠡᠨ ᠳᠤ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠴᠦᠬᠦᠷᠦᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠳᠤ ᠲᠤᠰᠬᠠᠶ ᠴᠡᠭᠴᠡᠯᠡᠬᠦ ᠠᠵᠢᠯᠯᠠᠭ᠎ᠠ ᠥᠷᠨᠢᠭᠦᠯᠬᠦ ᠶᠢ ᠵᠢᠭᠠᠵᠤ ᠪᠣᠶ᠃ | 4. ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾᠄ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠶᠠᠳᠠᠭᠤ ᠠᠴᠠ ᠠᠩᠭᠢᠵᠢᠷᠠᠭᠤᠯᠬᠤ ᠶᠢᠨ ᠦᠨᠳᠦᠰᠦᠨ ᠱᠠᠭᠠᠷᠳᠠᠯᠭ᠎ᠠ ᠪᠠ ᠭᠤᠤᠯ ᠬᠦᠢᠴᠡᠳᠭᠡᠯ ᠲᠤᠭ᠎ᠠ ᠪᠣᠯᠤᠨ᠎ᠠ᠂ | ︽ᠬᠤᠶᠠᠷ ᠲᠤ ᠵᠣᠪᠠᠭ᠋ᠤ ᠥᠬᠡᠶ︾ ᠭᠡᠳᠡᠭ ᠨᠢ ᠳᠠᠷᠤᠶ ᠢᠳᠡᠬᠦ ᠳᠡᠭᠡᠨ ᠵᠤᠪᠠᠭ᠋ᠤ ᠦᠭᠡᠢ᠂ ᠡᠮᠦᠰᠬᠦ ᠳᠡᠭᠡᠨ ᠵᠣᠪᠠᠭ᠋ᠤ | ᠥᠬᠡᠶ᠂ ︽ᠭᠤᠷᠪᠠ ᠶᠢ ᠪᠠᠲᠤᠯᠠᠬᠤ︾ ᠭᠡᠳᠡᠭ ᠨᠢ ᠳᠠᠷᠤᠶ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ | ᠡᠮᠴᠢᠯᠡᠭᠡ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠪᠣᠯᠤᠨ᠎ᠠ᠃ | 5. ︽ᠭᠤᠷᠪᠠᠨ ᠬᠠᠷᠢᠭᠤᠴᠠᠯᠭ᠎ᠠ︾᠄ ᠲᠠᠷᠣᠢ ᠠᠶᠤᠯᠭᠦᠶ ᠦᠢᠯᠡᠳᠪᠦᠷᠢᠯᠡᠯ ᠤᠨ ᠣᠷᠣᠨ ᠨᠤᠲᠤᠭ ᠤᠨ ᠨᠠᠮ | ᠵᠠᠰᠠᠭ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠣᠯᠤᠨ᠎ᠠ᠃ | 6. ︽ᠲᠦᠷᠪᠡ ᠶᠢ ᠠᠪᠴᠤ ᠬᠠᠶᠠᠬᠤ ᠦᠭᠡᠢ︾᠄ ᠶᠠᠳᠠᠭᠤ ᠬᠦᠴᠢᠷᠳᠡᠯᠲᠡᠢ ᠰᠢᠶᠠᠨ ᠢ ᠶᠠᠳᠠᠭᠤ ᠠᠴᠠ | ᠠᠩᠭᠢᠵᠢᠷᠠᠭᠤᠯᠤᠭᠰᠠᠨ ᠤ ᠳᠠᠷᠠᠭ᠎ᠠ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠦ᠂ | ᠲᠦᠷᠦ ᠶᠢᠨ ᠪᠤᠳᠤᠯᠭ᠎ᠠ ᠶᠢᠨ ᠲᠣᠭᠲᠠᠭᠤᠨ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠬᠤ ᠶᠢᠨ ᠲᠥᠯᠥᠭᠡ᠂ ᠶᠠᠳᠠᠭᠤ | ᠬᠦᠴᠢᠷᠳᠡᠯᠲᠡᠢ ᠰᠢᠶᠠᠨ ᠤ ᠨᠠᠮ ᠵᠠᠰᠠᠭ ᠤᠨ ᠵᠢᠩᠬᠢᠨᠢ ᠲᠤᠰᠢᠶᠠᠯ ᠢ ᠲᠣᠭᠲᠠᠭᠤᠨ ᠪᠠᠶᠢᠯᠭᠠᠵᠤ᠂ ᠶᠠᠳᠠᠭᠤ ᠠᠴᠠ | ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠭᠤᠣᠯ ᠪᠣᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠶᠢ ᠬᠠᠶᠠᠬᠤ ᠦᠭᠡᠢ︔ ᠶᠠᠳᠠᠭᠤ ᠶᠢ ᠲᠡᠳᠬᠦᠬᠦ ᠠᠵᠢᠯᠯᠠᠬᠤ ᠠᠩᠬᠢ ᠶᠢ | ᠦᠷᠭᠦᠯᠵᠢᠬᠦᠯᠦᠨ ᠦᠯᠡᠳᠡᠬᠡᠵᠦ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠣᠷᠣᠨ ᠲᠡᠳᠬᠦᠬᠦ ᠪᠠᠨ ᠬᠠᠶᠠᠬᠤ ᠦᠭᠡᠢ | ︔ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠶᠠᠳᠠᠭᠤ ᠠᠴᠠ ᠠᠩᠭᠢᠵᠢᠷᠠᠭᠰᠠᠨ | ᠴᠤ ᠬᠢᠨᠠᠯᠲᠠ ᠬᠠᠮᠢᠶᠠᠷᠤᠯᠲᠠ ᠪᠠᠨ ᠬᠠᠶᠠᠬᠤ ᠦᠭᠡᠢ ᠪᠠᠶᠢᠬᠤ ᠶᠢ ᠱᠠᠭᠠᠷᠳᠠᠬᠤ ᠶᠢ ᠵᠢᠭᠠᠵᠤ ᠪᠣᠶ᠃ | 7. ︽ᠦᠬᠦᠰᠢᠷᠡᠮᠡᠯ ᠠᠵᠤ ᠠᠬᠤᠶᠢᠯᠠᠯ︾᠄ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠠᠯᠳᠠᠵᠤ᠂ | ᠡᠷᠬᠡᠪᠰᠢ ᠵᠠᠰᠠᠭ ᠤᠨ ᠣᠷᠳᠣᠨ ᠤ ᠨᠥᠬᠦᠪᠥᠷᠢ ᠪᠤᠶᠤ ᠪᠠᠩᠬᠢ ᠶᠢᠨ ᠦᠷᠭᠦᠯᠵᠢᠯᠡᠭᠰᠡᠨ ᠵᠢᠭᠡᠯᠡᠯᠭᠡ ᠳᠤ ᠲᠦᠰᠢᠭᠯᠡᠨ | ᠣᠷᠣᠰᠢᠨ ᠲᠣᠭᠲᠠᠨᠢᠵᠤ ᠪᠠᠶᠢᠭ᠎ᠠ ᠠᠵᠤ ᠠᠬᠤᠶᠢᠯᠠᠯ ᠢ ᠵᠢᠭᠠᠵᠤ ᠪᠠᠶᠢᠨ᠎ᠠ᠃ ᠬᠡᠳᠦ᠋ᠢᠪᠡᠷ ᠦᠷ᠎ᠡ ᠠᠰᠢᠭ ᠭᠠᠷᠬᠤ | ᠦᠭᠡᠢ ᠪᠣᠯᠪᠠᠴᠤ ᠮᠥᠨ ᠯᠡ ᠭᠠᠵᠠᠷ ᠰᠢᠷᠣᠶ᠂ ᠬᠦᠷᠦᠩᠭᠡ᠂ ᠬᠥᠳᠡᠯᠮᠦᠷᠢ ᠬᠦᠴᠦᠨ ᠵᠡᠷᠭᠡ ᠡᠯᠧᠮᠧᠨ᠋ᠲ ᠤᠨ ᠡᠬᠢ | ᠪᠠᠶᠠᠯᠢᠭ ᠢ ᠡᠵᠡᠮᠰᠢᠵᠦ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ ᠵᠡᠷᠭᠡ ᠰᠢᠨ᠎ᠡ ᠬᠥᠳᠡᠯᠭᠡᠭᠴᠢ ᠡᠨᠧᠷᠭᠢ ᠶᠢᠨ | ᠦᠰᠦᠨ ᠪᠤᠶᠢᠵᠢᠬᠤ ᠶᠢ ᠬᠦᠨᠳᠦ ᠨᠣᠴᠢᠲᠠᠶ ᠬᠠᠷᠰᠢᠯᠠᠵᠤ ᠪᠠᠶᠢᠳᠠᠭ᠃ | 8. ︽ᠨᠠᠢᠮᠠᠨ ᠠᠳᠠᠯᠢ︾᠄ ᠬᠤᠲᠠ ᠶᠢᠨ ᠬᠠᠮᠢᠶᠠᠷᠤᠯᠲᠠ ᠳᠤ ᠡᠳᠦᠷ ᠰᠥᠨᠢ ᠠᠳᠠᠯᠢᠬᠠᠨ᠂ ᠴᠡᠯᠮᠡᠭ ᠡᠳᠦᠷ | ᠪᠣᠷᠣᠭᠠᠨ ᠲᠠᠢ ᠡᠳᠦᠷ ᠠᠳᠠᠯᠢᠬᠠᠨ᠂ ᠬᠤᠯᠠ ᠠᠴᠠ ᠬᠠᠷᠠᠬᠤ ᠤᠶᠢᠷ᠎ᠠ ᠠᠴᠠ ᠬᠠᠷᠠᠬᠤ ᠳᠤ ᠠᠳᠠᠯᠢᠬᠠᠨ᠂ ᠶᠡᠭᠡ ᠵᠡᠭᠡᠯᠢ | ᠪᠠᠭ᠎ᠠ ᠵᠡᠭᠡᠯᠢ ᠭᠤᠳᠤᠮᠵᠢ ᠠᠳᠠᠯᠢᠬᠠᠨ᠂ ᠰᠢᠨ᠎ᠡ ᠬᠤᠲᠠ ᠬᠠᠭᠤᠴᠢᠨ ᠬᠤᠲᠠ ᠠᠳᠠᠯᠢᠬᠠᠨ᠂ ᠪᠠᠶᠢᠴᠠᠭᠠᠬᠤ ᠪᠠ | ᠪᠠᠶᠢᠴᠠᠭᠠᠬᠤ ᠦᠭᠡᠢ ᠠᠳᠠᠯᠢᠬᠠᠨ᠂ ᠡᠩ ᠤᠨ ᠴᠠᠭ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠳᠠᠯᠢᠬᠠᠨ᠂ | ᠬᠤᠲᠠ ᠶᠢᠨ ᠲᠣᠭᠤᠷᠢᠭ ᠪᠠ ᠪᠠᠯᠭᠠᠰᠤ ᠵᠡᠭᠡᠯᠢ ᠠᠳᠠᠯᠢᠬᠠᠨ ᠪᠠᠶᠢᠬᠤ ᠶᠢ ᠵᠢᠭᠠᠵᠤ ᠪᠣᠶ᠃ | 9. ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠄ ᠬᠥᠳᠡᠭᠡ ᠲᠣᠰᠬᠤᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠳᠠ ᠳᠤ ᠲᠣᠰᠬᠤᠨ ᠪᠠᠯᠭᠠᠰᠤ ᠶᠢᠨ ᠪᠠᠶᠢᠷᠢᠰᠢᠭᠤᠯᠤᠯᠲᠠ᠂ ᠬᠥᠳᠡᠭᠡ ᠲᠣᠰᠬᠤᠨ ᠤ ᠠᠵᠤ | ᠠᠬᠤᠢ ᠶᠢᠨ ᠬᠥᠭᠵᠢᠯᠲᠡ ᠪᠠ ᠦᠷᠭᠡᠨ ᠣᠯᠠᠨ ᠲᠠᠷᠢᠶᠠᠴᠢᠳ ᠤᠨ ᠠᠮᠤᠷ ᠲᠦᠪᠰᠢᠨ ᠳᠥᠭᠦᠮ ᠳᠥᠲᠡ ᠶᠠᠪᠤᠵᠤ | ᠰᠠᠭᠤᠬᠤ ᠲᠠᠢ ᠬᠠᠷᠢᠯᠴᠠᠨ ᠵᠣᠬᠢᠴᠠᠯᠳᠤᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ | ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠣ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠵᠦ᠂ ᠬᠥᠳᠡᠭᠡ | ᠲᠣᠰᠬᠤᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠪᠣᠭᠤᠮᠢ ᠶᠢ ᠠᠷᠢᠯᠭᠠᠵᠤ᠂ ᠥᠷᠭᠡᠨ | ᠣᠯᠠᠨ ᠲᠠᠷᠢᠶᠠᠴᠢᠳ ᠤᠨ ᠶᠠᠳᠠᠭᠤ ᠠᠴᠠ ᠠᠩᠬᠢᠵᠢᠷᠠᠨ ᠴᠢᠨᠡᠭᠡᠯᠢᠭᠵᠢᠬᠦ ᠳᠤ ᠨᠠᠩ ᠰᠠᠶᠢᠨ ᠪᠠᠲᠤᠯᠠᠭ᠎ᠠ ᠬᠠᠩᠭᠠᠬᠤ ᠶᠢ | ᠵᠢᠭᠠᠵᠦ ᠪᠣᠶ᠃ | 10. ︽ᠭᠤᠷᠪᠠᠨ ᠡᠮᠴᠢᠯᠡᠭᠡ ᠬᠠᠮᠲᠤᠷᠠᠨ ᠬᠥᠳᠡᠯᠦᠯᠴᠡᠬᠦ︾᠄ ᠡᠮᠴᠢᠯᠡᠭᠡᠨ ᠤ ᠳᠠᠭᠠᠳᠬᠠᠯ ᠤᠨ ᠪᠠᠶᠢᠭᠤᠯᠤᠮᠵᠢ | ᠶᠢᠨ ᠦᠭᠡᠷᠡᠴᠢᠯᠡᠯᠳᠡ᠂ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠬᠢᠭᠡᠳ ᠡᠮ ᠤᠨ ᠵᠦᠢᠯ ᠤᠨ | ᠬᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠮᠲᠤᠷᠠᠨ ᠬᠥᠳᠡᠯᠦᠯᠴᠡᠬᠦ ᠶᠢ ᠵᠢᠭᠠᠵᠤ ᠪᠣᠶ᠂ | ᠲᠤᠬᠠᠶᠢᠯᠠᠪᠠᠯ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠥᠭᠡᠷᠡᠴᠢᠯᠡᠯᠲᠡ ᠶᠢᠨ ᠬᠠᠮᠲᠤᠷᠠᠨ | ᠬᠥᠳᠡᠯᠦᠯᠴᠡᠬᠦ ᠶᠢ ᠵᠢᠭᠠᠵᠤ ᠪᠣᠶ᠃ |