| | | | 4 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ | ᠂ ᠬᠤᠲᠠ ᠶᠢᠨ ᠳᠠᠷᠤᠭ᠎ᠠ ᠲᠠᠩ ᠢ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠨᠠᠰᠤᠲᠠᠶᠢᠴᠤᠳ ᠢ | ᠠᠰᠠᠷᠠᠬᠤ ᠬᠦᠷᠢᠶᠡᠯᠡᠩ᠂ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ᠂ ᠠᠷᠠᠳ ᠤᠨ | ᠶᠠᠪᠤᠳᠠᠯ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠲᠡᠷᠡ | ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ | ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠰᠦᠯᠵᠢᠵᠦ᠂ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠼᠤᠤ ᠬᠤᠩ | ᠬᠠᠮᠲᠤ ᠪᠠᠶᠢᠴᠠᠭᠠᠨ ᠰᠤᠳᠤᠯᠪᠠ᠃ | ᠲᠠᠩ ᠢ ᠤᠷᠢᠳ ᠬᠤᠵᠢᠳ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠨᠠᠰᠤᠲᠠᠶᠢᠴᠤᠳ ᠢ | ᠠᠰᠠᠷᠠᠬᠤ ᠬᠦᠷᠢᠶᠡᠯᠡᠩ᠂ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠲᠤ ᠬᠦᠷᠴᠦ᠂ ᠣᠷᠴᠢᠨ | ᠲᠤᠭᠤᠷᠢᠨ ᠤ ᠲᠥᠬᠦᠭᠡᠷᠦᠮᠵᠢ᠂ ᠠᠵᠢᠯᠯᠠᠭᠠᠨ ᠤ ᠬᠠᠮᠢᠶᠠᠷᠤᠯᠲᠠ᠂ ᠬᠦᠷᠢᠶᠡᠯᠡᠩ ᠤᠨ ᠠᠷᠠᠳ ᠤᠨ ᠠᠮᠢᠳᠤᠷᠠᠯ᠂ | ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠲᠥᠷᠥᠯ ᠵᠦᠢᠯ ᠤᠨ | ᠲᠦᠯᠦᠪᠵᠢᠬᠦᠯᠬᠡ ᠶᠢᠨ ᠵᠢᠷᠤᠭ ᠲᠥᠯᠥᠪᠯᠡᠭᠡ᠂ ᠴᠢᠳᠠᠮᠵᠢ ᠶᠢᠨ ᠪᠠᠶᠢᠷᠢᠯᠠᠭᠤᠯᠤᠯᠲᠠ ᠪᠠ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠨᠠᠷᠢᠨ ᠬᠢᠨᠠᠮᠠᠭᠠᠶ ᠣᠶᠢᠯᠠᠭᠠᠭᠰᠠᠨ ᠪᠥᠭᠡᠳ ᠨᠠᠰᠤᠲᠠᠶᠢᠴᠤᠳ ᠤᠨ ᠬᠠᠯᠠᠭᠤᠨ | ᠳᠤᠯᠠᠭᠠᠨ ᠢ ᠨᠢ ᠠᠰᠠᠭᠤᠵᠦ᠂ ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠲᠣᠬᠢᠷᠠᠭᠤᠯᠤᠯᠲᠠ ᠶᠢᠨ ᠪᠠᠶᠢᠳᠠᠯ ᠢ | ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡ ᠵᠢᠳᠬᠦᠬᠦ ᠤᠬᠠᠮᠰᠠᠷ ᠢᠶᠠᠨ | ᠴᠢᠩᠭᠠᠳᠬᠠᠵᠤ᠂ ᠠᠵᠢᠯ ᠤᠨ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠦᠢᠯᠡᠴᠢᠯᠡᠭᠡᠨ ᠤ ᠠᠷᠭ᠎ᠠ | ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠪᠣᠳᠠᠲᠠᠶ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠬᠠᠮᠲᠤ ᠠᠵᠢᠯᠲᠠᠳ ᠲᠤ | ᠴᠠᠭ ᠢᠮᠠᠭᠲᠠ ᠨᠠᠰᠣᠳᠠᠶᠢᠴᠣᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠯᠠᠮᠵᠢᠯᠠᠵᠤ᠂ ᠬᠠᠶᠢᠷ᠎ᠠ | ᠬᠠᠯᠠᠮᠵᠢ ᠪᠠᠷ ᠦᠢᠯᠡᠴᠢᠯᠡᠭᠡᠨ ᠤ ᠠᠵᠢᠯ ᠢᠶᠠᠨ ᠨᠠᠷᠢᠨ ᠨᠢᠮᠪᠠᠶ ᠬᠢᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠶᠢ ᠬᠦᠢᠴᠡᠳ ᠮᠡᠳᠡᠷᠡᠭᠦᠯᠬᠦ ᠬᠡᠷᠡᠭᠲᠡᠶ ᠭᠡᠵᠡᠶ᠃ | ᠶᠠᠷᠢᠯᠴᠠᠬᠤ ᠬᠤᠷᠠᠯ ᠳᠡᠭᠡᠷ᠎ᠡ᠂ ᠭᠤᠷᠪᠠᠨ ᠲᠣᠭᠤᠷᠢᠭ ᠪᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ | ᠤᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠤᠯᠪᠣᠭᠳᠠᠯ ᠪᠦᠬᠦᠢ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳᠠᠩ ᠢ ᠵᠢᠭᠠᠵᠤ ᠭᠠᠷᠭᠠᠭᠰᠠᠨ ᠨᠢ᠂ ᠠᠷᠠᠳ ᠤᠨ ᠶᠠᠪᠤᠳᠠᠯ ᠤᠨ | ᠠᠵᠢᠯ ᠠᠷᠠᠳ ᠤᠨ ᠠᠮᠢᠳᠤᠷᠠᠯ ᠳᠤ ᠬᠤᠯᠪᠤᠭᠳᠠᠵᠦ᠂ ᠠᠷᠠᠳ ᠤᠨ ᠰᠡᠳᠬᠢᠯ ᠳᠤ ᠬᠤᠯᠪᠣᠭᠳᠠᠵᠤ᠂ ᠨᠡᠶᠢᠭᠡᠮ ᠤᠨ | ᠪᠦᠲᠦᠭᠡᠨ ᠪᠠᠶᠢᠭᠤᠯᠤᠯᠲᠠ ᠶᠢᠨ ᠦᠨᠳᠦᠰᠦᠨ ᠵᠦᠢᠯ ᠤᠨ ᠴᠢᠨᠠᠷᠲᠠᠶ᠂ ᠰᠠᠭᠤᠷᠢ ᠴᠢᠨᠠᠷᠲᠠᠶ ᠠᠵᠢᠯ ᠪᠣᠯᠤᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠤᠯᠤᠰ | ᠲᠦᠷᠦ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ | ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ | ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠭᠡᠬᠦ ᠡᠨᠡ ᠬᠦ ︽ᠠᠮᠤᠷ ᠲᠦᠪᠰᠢᠨ ᠤ ᠲᠣᠣᠷ︾ ᠢ ᠨᠢᠭᠲᠠ ᠰᠦᠯᠵᠢᠵᠦ᠂ ︽ᠪᠠᠲᠤᠯᠠᠪᠠᠰᠤ ᠵᠣᠬᠢᠬᠤ ᠶᠢ | ᠪᠦᠬᠦᠨ ᠢ ᠪᠠᠲᠤᠯᠠᠵᠤ᠂ ᠬᠠᠯᠠᠮᠵᠢᠯᠠᠪᠠᠰᠣ ᠵᠣᠬᠢᠬᠤ ᠶᠢ ᠪᠦᠬᠦᠨ ᠢ ᠬᠠᠯᠠᠮᠵᠢᠯᠠᠵᠤ᠂ ᠠᠪᠤᠷᠠᠪᠠᠰᠤ ᠵᠣᠬᠢᠬᠤ ᠶᠢ ᠪᠦᠬᠦᠨ ᠢ | ᠠᠪᠤᠷᠠᠬᠤ︾ ᠶᠢ ᠪᠡᠶᠡᠯᠡᠭᠦᠯᠬᠦ ᠬᠡᠷᠡᠭᠲᠡᠢ᠃ | ᠲᠠᠩ ᠢ ᠴᠢᠬᠤᠯᠠᠴᠢᠯᠠᠭᠰᠠᠨ ᠨᠢ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠬᠠᠶᠢᠨ | ᠰᠦᠪᠡᠭᠴᠢᠯᠡᠵᠦ᠂ ᠨᠡᠶᠢᠭᠡᠮ ᠤᠨ ᠪᠠᠯᠠ ᠮᠥᠩᠭᠦ ᠶᠢ ᠠᠷᠠᠳ ᠤᠨ ᠶᠠᠪᠤᠳᠠᠯ ᠤᠨ ᠦᠢᠯᠡᠰ ᠲᠤ ᠣᠷᠣᠭᠤᠯᠬᠤ ᠶᠢ | ᠵᠣᠷᠢᠭᠵᠢᠭᠤᠯᠬᠤ ᠪᠠ ᠬᠥᠲᠥᠯᠦᠨ ᠵᠢᠯᠤᠭᠤᠳᠴᠦ᠂ ᠨᠡᠶᠢᠭᠡᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠪᠠ ᠡᠵᠡᠩᠨᠡᠯᠲᠡ ᠳᠤ ᠤᠷᠤᠯᠴᠠᠭᠤᠯᠵᠤ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ | ᠬᠠᠩᠭᠠᠬᠤ ᠬᠡᠷᠡᠭᠲᠡᠶ᠃ ᠠᠷᠠᠳ ᠤᠨ ᠶᠠᠪᠤᠳᠠᠯ ᠤᠨ ᠬᠦᠷᠢᠶᠡᠨ ᠳᠠᠬᠢ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠵᠤ᠂ ᠦᠨᠳᠦᠰᠦᠨ | ᠱᠠᠲᠤᠨ ᠤ ᠬᠥᠭᠵᠢᠯᠲᠡ ᠳᠤ ᠠᠰᠢᠭᠳᠠᠢ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ ᠬᠠᠮᠢᠶᠠᠷᠤᠯᠲᠠ ᠶᠢᠨ | ᠪᠠᠶᠢᠭᠤᠯᠤᠮᠵᠢ ᠪᠠ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ | ᠨᠠᠰᠤᠲᠠᠶᠢᠴᠤᠳ ᠢ ᠠᠰᠠᠷᠠᠬᠤ ᠬᠦᠷᠢᠶᠡᠯᠡᠩ ᠵᠡᠷᠭᠡ ᠡᠯ᠎ᠡ ᠲᠥᠷᠥᠯ ᠤᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠬᠦᠴᠦ ᠲᠠᠯᠪᠢᠨ | ᠰᠠᠶᠢᠲᠤᠷ ᠠᠳᠬᠤᠵᠤ᠂ ᠬᠤᠯᠪᠤᠭᠳᠠᠯ ᠪᠦᠬᠦᠢ ᠠᠵᠢᠯ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠦ᠂ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠷᠢᠯᠢᠭ ᠠᠳᠬᠤᠵᠤ᠂ ᠠᠷᠠᠳ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠯᠳᠠᠪᠤᠷᠢᠯᠠᠯ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ | ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ | ᠰᠣᠷᠳᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ | ᠲᠡᠰ ᠲᠠᠷᠠᠭᠠᠯᠠᠯ ᠢ ᠴᠢᠩᠳᠠᠯᠠᠵᠤ᠂ ᠵᠢᠷᠤᠮᠵᠢᠯ ᠲᠠᠢ ᠠᠵᠢᠯᠯᠠᠵᠤ᠂ ᠪᠦᠬᠦ ᠬᠤᠳᠠ ᠶᠢᠨ ᠠᠷᠠᠳ ᠤᠨ ᠶᠠᠪᠤᠳᠠᠯ ᠤᠨ | ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠬᠡᠵᠡᠢ᠃ |