ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020-05-18
     5 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠪᠦᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠣ᠋ ᠵᠥᠩ ᠱᠧᠩ᠂ ᠹᠧᠩ ᠰᠢᠤᠸᠠᠢ ᠲᠤᠤ᠂ ᠸᠠᠩ ᠵᠣᠣ ᠱᠧᠩ᠂ ᠾᠦᠸᠧ ᠵᠧᠨ ᠭᠦᠸᠧ᠂ ᠬᠤᠲᠠ ᠶᠢᠨ ᠳᠡᠳ᠋ ᠳᠠᠷᠤᠭ᠎ᠠ ᠰᠦᠨ ᠬᠤᠤ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ 2019 ᠣᠨ ᠤ ᠠᠵᠢᠯ ᠤᠨ ᠳ᠋ᠦᠩᠨᠡᠯᠲᠡ ᠪᠠ 2020 ᠣᠨ ᠤ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ︽ᠦᠬᠠᠶ ᠬᠤᠲᠠ ᠶᠢᠨ ᠭᠤᠤᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠠᠮᠤᠷ ᠲᠦᠪᠰᠢᠨ ᠨᠢ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠲᠠᠢ ᠬᠤᠯᠪᠣᠭᠳᠠᠵᠤ᠂ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠵᠤ᠂ ᠠᠷᠠᠳ ᠤᠯᠠᠨ ᠤ ᠦᠨᠡᠨ ᠪᠣᠳᠠᠲᠠᠢ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠤᠯᠤᠰ ᠤᠨ ᠠᠮᠤᠷ ᠲᠦᠪᠰᠢᠨ ᠤ ᠡᠯ᠎ᠡ ᠲᠠᠯ᠎ᠠ ᠡᠯ᠎ᠡ ᠬᠦᠷᠢᠶᠡᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠮᠠᠨ ᠤ ᠬᠤᠲᠠ ᠶᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ︽ᠲᠠᠪᠤᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠳᠤ ᠬᠦᠴᠦᠷᠬᠡᠭ ᠶᠡᠭᠡ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃ ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠶᠡᠷᠦᠩᠬᠡᠢ ᠣᠯᠣᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠭᠤᠣᠯ ᠵᠢᠭᠰᠠᠭᠠᠯ ᠤᠨ ᠭᠠᠵᠠᠷ᠂ ᠭᠤᠣᠯ ᠳᠠᠶᠢᠨ ᠤ ᠲᠠᠯᠠᠪᠤᠷ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠮᠥᠩᠭᠦᠨ ᠬᠦᠢᠯᠭᠡᠭᠡ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠵᠢᠴᠢ ᠠᠵᠤ ᠠᠬᠤᠶᠢᠯᠠᠯ ᠤᠨ ᠥᠷᠢ ᠥᠭᠴᠡᠭᠡ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠠᠷᠭᠠᠴᠠᠭᠠᠵᠦ᠂ ᠠᠮᠢ ᠠᠬᠤᠢ ᠶᠢᠨ ᠠᠮᠤᠷ ᠲᠦᠪᠰᠢᠨ ᠪᠠ ᠡᠬᠢ ᠪᠠᠶᠠᠯᠢᠭ ᠤᠨ ᠠᠮᠤᠷ ᠲᠦᠪᠰᠢᠨ ᠢ ᠨᠢᠭᠡᠲᠦᠯᠳᠡᠢ ᠲᠥᠯᠥᠪᠯᠡᠨ ᠬᠠᠮᠠᠭᠠᠯᠠᠬᠤ ᠬᠡᠷᠡᠭᠳᠡᠢ᠃ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠵᠥᠷᠢᠴᠡᠯ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠣᠯᠠᠨ ᠡᠰᠢᠲᠦ ᠵᠢᠭᠤᠷᠤᠯᠳᠣᠭᠠᠨ ᠢ ᠨᠠᠮᠳᠠᠭᠤᠯᠬᠤ᠂ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠠᠷᠭᠠᠴᠠᠭᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠣᠯᠠᠨ ᠲᠦᠮᠡᠨ ᠤ ︽ᠪᠠᠴᠢᠮ ᠬᠦᠴᠢᠷ ᠵᠣᠪᠠᠨᠢᠯ ᠡᠷᠡᠮᠡᠯᠵᠡᠯ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠬᠤᠲᠠ ᠶᠢᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠤᠯᠤᠰ ᠤᠨ ᠠᠮᠤᠷ ᠲᠦᠪᠰᠢᠨ ᠤ ᠲᠦᠭᠰᠢᠬᠦᠷᠢ ᠶᠢ ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠵᠤ᠂ ᠤᠯᠤᠰ ᠤᠨ ᠠᠮᠤᠷ ᠲᠦᠪᠰᠢᠨ ᠤ ᠴᠢᠮᠡᠭᠡ ᠮᠡᠳᠡᠭᠡᠨ ᠤ ᠰᠢᠰᠲ᠋ᠧᠮ ᠪᠣᠯᠤᠨ ᠤᠯᠤᠰ ᠤᠨ ᠠᠮᠤᠷ ᠲᠦᠪᠰᠢᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠪᠣᠯᠪᠠᠰᠤᠷᠠᠭᠤᠯᠤᠯ ᠢ ᠭᠦᠨᠵᠡᠭᠡᠶᠢᠷᠡᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠲᠡᠭᠡᠭᠰᠢᠯᠡᠬᠦᠯᠬᠦ ᠬᠡᠷᠡᠭᠳᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠤᠨ ᠠᠮᠤᠷ ᠲᠦᠪᠰᠢᠨ ᠤ ᠠᠵᠢᠯ ᠢ ᠲᠤᠭᠳᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ᠂ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠴᠢᠳᠠᠪᠤᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠶᠢᠨ ᠡᠭᠦᠷᠭᠡ ᠶᠣᠰᠣᠭᠠᠷ ᠤᠯᠤᠰ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ ᠰᠢᠪᠠᠳᠠᠨ ᠪᠠᠶᠢᠴᠠᠭᠠᠬᠤ᠂ ᠬᠢᠨᠠᠨ ᠰᠢᠯᠭᠠᠬᠤ᠂ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠡᠯ᠎ᠡ ᠵᠦᠢᠯ ᠤᠨ ᠡᠭᠦᠷᠭᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号