ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ︽ᠡᠷᠭᠢᠨ ᠬᠠᠷᠠᠬᠤ︾ ᠶᠢ ᠬᠢᠨᠠᠨ ᠵᠢᠯᠤᠭᠤᠳᠬᠤ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠦᠬᠠᠶ ᠬᠤᠲᠠ ᠶᠢ ᠬᠢᠨᠠᠨ ᠵᠢᠯᠣᠭᠤᠳᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-05-27
     5 ᠰᠠᠷ᠎ᠠ ᠶᠢᠨ 26 ᠤ ᠡᠳᠦᠷ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ︽ᠡᠷᠭᠢᠨ ᠬᠠᠷᠠᠬᠤ︾ ᠶᠢ ᠬᠢᠨᠠᠨ ᠵᠢᠯᠤᠭᠤᠳᠬᠤ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠦᠬᠠᠶ ᠬᠤᠲᠠ ᠶᠢ ᠬᠢᠨᠠᠨ ᠵᠢᠯᠣᠭᠤᠳᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ︽ᠡᠷᠭᠢᠨ ᠬᠠᠷᠠᠬᠤ︾ ᠶᠢ ᠬᠢᠨᠠᠨ ᠵᠢᠯᠤᠭᠤᠳᠬᠤ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠲᠣᠭᠤᠷᠢᠨ ᠪᠠᠶᠢᠴᠠᠭᠠᠭᠴᠢ ᠬᠤᠤ ᠢᠦᠶ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ︽ᠡᠷᠭᠢᠨ ᠬᠠᠷᠠᠬᠤ︾ ᠶᠢ ᠬᠢᠨᠠᠨ ᠵᠢᠯᠤᠭᠤᠳᠬᠤ ᠬᠤᠶᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠮᠠ ᠶᠢᠩ ᠴᠦᠨ ᠵᠢᠴᠢ ᠪᠥᠬᠦ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢ ᠹᠸᠢ ᠶᠦᠨ ᠬᠤᠷᠠᠯ ᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠰᠣ᠋ ᠵᠦᠩ ᠱᠧᠩ᠂ ᠹᠧᠩ ᠰᠢᠤᠸᠠᠢ ᠲᠤᠤ᠂ ᠵᠢᠶᠠ ᠴᠢᠩ ᠳ᠋ᠦᠩ᠂ ᠮᠢᠩ ᠶᠢᠦ ᠵᠢᠴᠢ ᠬᠤᠲᠠ ᠶᠢᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠵᠠᠶ᠃      ᠬᠤᠤ ᠢᠦᠢ ᠮᠢᠩ ᠮᠠᠨ ᠤ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠦᠭᠰᠡᠨ ᠪᠠ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠦᠬᠠᠶ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠶᠢ ᠣᠯᠬᠤ ᠳᠠᠶᠢᠨ ᠢ ᠰᠠᠶᠢᠲᠤᠷ ᠬᠢᠬᠦ ᠨᠢ ᠥᠷᠭᠡᠨ ᠣᠯᠠᠨ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠶᠢᠨ ᠪᠣᠳᠠᠲᠤ ᠢᠯᠡᠷᠡᠯ ᠳᠤ ᠬᠤᠯᠪᠤᠭᠳᠠᠨ᠎ᠠ᠃ ᠶᠠᠳᠠᠷᠠᠯ ᠵᠦᠳᠡᠷᠡᠯ ᠲᠠᠶᠢᠨ ᠠᠴᠠ ᠬᠠᠯᠠᠰᠢᠷᠠᠬᠤ ᠰᠤᠯᠠᠷᠠᠬᠤ ᠰᠡᠳᠬᠢᠯᠭᠡ ᠪᠠᠨ ᠡᠷᠡᠰ ᠲᠡᠪᠴᠢᠵᠦ᠂ ᠦᠷᠭᠦᠯᠵᠢᠯᠡᠨ ᠪᠠᠶᠢᠯᠳᠤᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠤᠶᠤᠨ ᠤᠬᠠᠭᠠᠨ ᠢᠶᠠᠨ ᠦᠷᠭᠦᠯᠵᠢᠯᠡᠨ ᠪᠠᠳᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠮᠵᠢᠯᠴᠠᠨ ᠬᠠᠪᠰᠣᠷᠣᠯᠴᠠᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭ ᠰᠢᠢᠳᠪᠦᠷᠢᠯᠡᠬᠦ ᠦᠵᠡᠯ ᠰᠠᠨᠠᠭ᠎ᠠ ᠪᠠᠨ ᠨᠢᠭᠡᠳᠬᠡᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠳ᠋ ᠮᠥᠩᠭᠦ ᠶᠢᠨ ᠢᠷᠡᠯᠳᠡ ᠶᠢ ᠨᠢ ᠲᠠᠰᠣᠯᠬᠤ ᠳᠡᠭᠡᠷ᠎ᠡ ᠦᠷᠭᠦᠯᠵᠢᠯᠡᠨ ᠬᠦᠴᠦᠲᠡᠶ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠠᠵᠤ ᠠᠬᠤᠶ ᠶᠢᠨ ᠰᠠᠭᠤᠷᠢ ᠶᠢ ᠲᠦᠢᠯᠪᠤᠷᠢᠲᠠᠶ ᠰᠦᠢᠷᠡᠬᠦᠯᠵᠦ᠂ ᠬᠠᠷ᠎ᠠ ᠬᠠᠷᠭᠢᠰ ᠬᠦᠴᠦᠨ ᠤ ᠬᠦᠴᠦᠨ ᠤ ᠳᠠᠬᠢᠨ ᠰᠡᠷᠭᠦᠬᠦ ᠪᠣᠯᠤᠯᠴᠠᠭ᠎ᠠ ᠶᠢ ᠲᠠᠰᠣ ᠦᠭᠡᠢ ᠪᠤᠯᠭᠠᠬᠤ ᠬᠡᠷᠡᠭᠳᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠲᠤᠰᠬᠠᠶ ᠲᠡᠮᠡᠴᠡᠯ ᠤᠨ ᠠᠵᠢᠯ ᠤᠨ ᠲᠤᠳᠠᠭᠤᠳᠠᠯ ᠪᠠᠭᠤᠷᠠᠶ ᠲᠠᠯ᠎ᠠ ᠶᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠬᠡᠷᠡᠭ ᠰᠢᠢᠳᠪᠦᠷᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠷᠡᠭ ᠪᠣᠯᠭᠠᠨ ᠢ ᠪᠠᠲᠤ ᠴᠢᠩᠭ᠎ᠠ ᠰᠢᠢᠳᠪᠦᠷᠢᠯᠡᠵᠤ᠂ ᠲᠡᠦᠬᠡ ᠪᠠ ᠬᠠᠤᠯᠢ ᠴᠠᠭᠠᠵᠠ ᠶᠢᠨ ᠰᠢᠯᠭᠠᠯᠲᠠ ᠶᠢ ᠳᠠᠭᠠᠭᠠᠵᠤ ᠴᠢᠳᠠᠬᠤ ᠬᠡᠷᠡᠭᠳᠡᠢ᠃ ᠠᠰᠠᠭᠤᠳᠠᠯ ᠤᠨ ᠰᠦᠪᠡᠭᠴᠢ ᠶᠢ ᠦᠷᠭᠦᠯᠵᠢᠯᠡᠨ ᠭᠦᠨᠵᠡᠭᠡᠶ ᠠᠭᠤᠳᠠᠯᠵᠤ᠂ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠤᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠴᠡᠭᠴᠡᠯᠡᠨ ᠵᠠᠰᠠᠬᠤ ᠪᠠᠨ ᠴᠢᠩᠭᠠᠳᠬᠠᠵᠤ᠂ ︽ᠰᠢᠬᠦᠷ ᠢ ᠴᠤᠬᠢᠵᠤ ᠲᠣᠤᠷ ᠢ ᠡᠪᠳᠡᠬᠦ︾ ᠶᠢ ᠭᠦᠨᠵᠡᠭᠡᠶ ᠠᠬᠢᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ︽ᠵᠢᠷᠭᠤᠭ᠎ᠠ ᠶᠢ ᠲᠣᠳᠣᠷᠬᠠᠶᠢᠯᠠᠬᠤ︾ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠭ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠷᠪᠠᠨ ᠵᠢᠯ ᠤᠨ ᠬᠤᠭᠤᠴᠠᠭᠠᠯᠠᠭᠰᠠᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠰᠦᠨᠦᠭ ᠳᠠᠷᠠᠭᠠᠯᠠᠨ ᠳᠠᠩᠰᠠ ᠪᠠᠶᠢᠴᠠᠭᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠴᠢᠭᠯᠡᠭᠦᠯᠵᠦ᠂ ︽ᠨᠢᠭᠡ ᠠᠷᠪᠠᠨ ᠵᠠᠭᠤ ᠮᠢᠩᠭ᠎ᠠ ᠲᠦᠮᠡ︾ ᠶᠢᠨ ᠠᠵᠢᠯᠯᠠᠭ᠎ᠠ ᠪᠠᠷ ᠭᠠᠷᠳᠠᠴᠠ ᠪᠤᠯᠭᠠᠵᠤ ︽ᠵᠢᠷᠭᠤᠭ᠎ᠠ ᠶᠢ ᠲᠣᠳᠣᠷᠬᠠᠶᠢᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠥᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠨ ᠵᠢᠯᠣᠭᠤᠳᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠪᠠ ᠬᠠᠷᠢᠭᠤ ᠲᠤᠰᠬᠠᠭᠰᠠᠨ ᠠᠰᠠᠭᠤᠳᠠᠯ ᠤᠨ ᠲᠣᠭᠤᠷᠢᠨ ᠳᠤ᠂ ᠨᠠᠷᠢᠨ ᠨᠢᠮᠪᠠᠶ ᠡᠮᠬᠢᠯᠡᠵᠦ᠂ ᠰᠠᠨᠠᠭᠠᠴᠢᠯᠠᠭ᠎ᠠ ᠠᠴᠠ ᠪᠠᠨ ᠲᠠᠨᠢᠵᠤ ᠠᠪᠴᠤ᠂ ᠴᠡᠭᠴᠡᠯᠡᠨ ᠰᠠᠶᠢᠵᠢᠷᠠᠭᠤᠯᠬᠤ ᠲᠦᠰᠦᠯ ᠢᠶᠠᠨ ᠲᠦᠷᠭᠡᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠰᠠᠶᠢᠲᠤᠷ ᠠᠳᠬᠤᠵᠤ᠂ ᠬᠢᠨᠠᠨ ᠵᠢᠯᠣᠭᠤᠳᠬᠤ ᠳᠤ ᠡᠷᠭᠢᠵᠦ ᠬᠠᠷᠠᠬᠤ ︽ᠰᠡᠭᠦᠯᠴᠢ ᠶᠢᠨ ᠬᠠᠭᠠᠰ ᠵᠣᠬᠢᠶᠠᠯ︾ ᠤᠨ ᠳᠦᠷᠢᠮ ᠲᠣᠭᠲᠠᠭᠠᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠢᠨᠠᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠶᠠᠪᠤᠴᠠ ᠶᠢ ᠦᠨᠡᠨᠬᠦ ᠮᠠᠨ ᠤ ᠬᠤᠲᠠ ᠶᠢᠨ ᠠᠰᠠᠭᠤᠳᠠᠯ ᠢ ᠰᠢᠢᠳᠪᠦᠷᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠠᠵᠢᠯ ᠢ ᠠᠬᠢᠭᠤᠯᠬᠤ ᠶᠠᠪᠤᠴᠠ ᠪᠤᠯᠭᠠᠬᠤ ᠬᠡᠷᠡᠭᠳᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠠᠪᠤᠳᠠᠯ ᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠳᠠ ᠶᠢᠨ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠨᠢᠭᠡ ᠲᠠᠯ᠎ᠠ ᠪᠠᠷ ᠲᠦᠯᠬᠢᠨ ᠠᠬᠢᠭᠤᠯᠬᠤ᠂ ᠨᠢᠭᠡ ᠲᠠᠯ᠎ᠠ ᠪᠠᠷ ᠳ᠋ᠦᠩᠨᠡᠬᠦ᠂ ᠨᠢᠭᠡ ᠲᠠᠯ᠎ᠠ ᠪᠠᠷ ᠲᠡᠭᠡᠭᠰᠢᠯᠡᠬᠦᠯᠬᠦ ᠶᠢ ᠪᠠᠷᠢᠮᠲᠠᠯᠠᠵᠤ᠂ ᠠᠮᠵᠢᠯᠲᠠ ᠣᠯᠤᠭᠰᠠᠨ ᠲᠤᠷᠰᠢᠯᠭ᠎ᠠ ᠪᠠ ᠨᠡᠶᠢᠲᠡᠯᠢᠭ ᠵᠢᠱᠢᠶ᠎ᠡ ᠬᠢᠬᠦ ᠠᠷᠭ᠎ᠠ ᠶᠢ ᠪᠦᠬᠦ ᠲᠠᠯ᠎ᠠ ᠪᠠᠷ ᠡᠮᠬᠢᠯᠡᠨ ᠳ᠋ᠦᠩᠨᠡᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠲᠠ ᠦᠭᠡᠢ ᠪᠦᠷᠢᠡᠰᠢᠬᠦᠯᠤᠨ ᠲᠡᠭᠦᠯᠳᠡᠷᠵᠢᠭᠦᠯᠵᠦ᠂ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠦᠷᠨᠢᠬᠦᠯᠬᠦ ᠶᠢ ᠬᠦᠴᠦᠯᠡᠨ ᠠᠬᠢᠭᠤᠯᠬᠤ ᠬᠡᠷᠡᠭᠳᠡᠢ ᠬᠡᠵᠡᠢ᠃      ᠡᠯ᠎ᠡ ᠲᠤᠭᠤᠷᠢᠭ ᠨᠠᠮ ᠤᠨ ᠬᠤᠷᠢᠶᠠᠨ ᠤ ᠱᠦᠵᠢ ᠪᠣᠯᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠨᠥᠬᠦᠳ ᠂ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠠᠯᠪᠠᠨ ᠬᠡᠷ ᠤᠨ ᠪᠥᠬᠦ ᠬᠥᠮᠦᠰ ᠬᠤᠷᠠᠯ ᠳᠤ ᠣᠷᠣᠯᠴᠠᠵᠠᠶ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号