ᠬᠠᠶᠢᠷᠤᠪ ᠤᠨ ᠲᠣᠬᠤᠢ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020-06-17
     ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ 6 ᠰᠠᠷ᠎ᠠ ᠶᠢᠨ 12 ᠤᠨ ᠡᠳᠦᠷ ᠂ ᠬᠠᠶᠢᠷᠤᠪ ᠤᠨ ᠲᠣᠬᠤᠶ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶᠠᠨ ᠤ ᠨᠠᠮ ᠤᠨ ᠡᠭᠦᠷ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶᠠᠨ ᠤ ᠨᠠᠮ ᠤᠨ ᠡᠭᠦᠷ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠯᠢ ᠵᠠᠨ ᠵᠢᠶᠦ᠋ᠨ ᠢ ᠤᠷᠢᠵᠤ ᠪᠥᠬᠦ ᠨᠠᠮ ᠤᠨ ᠭᠡᠰᠢᠭᠦᠨ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠣᠬᠠᠭᠤᠯᠤᠨ ᠲᠠᠶᠢᠯᠪᠤᠷᠢᠯᠠᠯᠳᠠ ᠨᠢ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠤᠶ᠎ᠠ — ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠶ᠎ᠠ︾ ᠬᠡᠬᠦ ᠠᠭᠤᠯᠭ᠎ᠠ ᠪᠠᠷ ᠰᠡᠳᠦᠪ ᠪᠣᠯᠭᠠᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠦᠨᠡᠨ ᠬᠦ ᠲᠠᠮᠵᠢᠭᠤᠯᠪᠠ᠃      ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠠᠭᠤ ᠶᠢ ︽ᠴᠢᠨᠡᠭᠡᠯᠢᠭ ᠨᠡᠶᠢᠭᠡᠮ︾ ᠭᠡᠬᠦ᠂ ᠦᠨᠳᠦᠰᠦᠨ ᠱᠠᠲᠤᠨ ᠤ ᠺᠠᠳ᠋ᠷᠴᠤᠳ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤᠮᠳᠠ ᠬᠡᠷᠬᠢᠨ ᠠᠮᠵᠢᠯᠲᠠ ᠪᠦᠲᠦᠮᠵᠢ ᠭᠠᠷᠭᠠᠬᠤ ᠵᠡᠷᠭᠡ ᠲᠠᠯ᠎ᠠ ᠪᠠᠷ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠭᠰᠠᠨ ᠪᠠ ᠭᠦᠨᠵᠡᠭᠡᠶ ᠲᠠᠶᠢᠯᠤᠮᠵᠢ ᠬᠢᠪᠠ᠃ ᠤᠬᠠᠭᠤᠯᠤᠨ ᠲᠠᠶᠢᠯᠪᠤᠷᠢᠯᠠᠬᠤ ᠠᠵᠢᠯ ᠨᠢ ᠭᠦᠨ ᠭᠦᠨᠵᠡᠭᠡᠶ ᠠᠮᠢᠳᠤᠯᠢᠭ᠂ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠰᠢᠰᠲ᠋ᠧᠮ ᠨᠢ ᠪᠦᠬᠦ ᠲᠠᠯ᠎ᠠ᠂ ᠲᠠᠶᠢᠯᠤᠮᠵᠢ ᠨᠢ ᠨᠡᠪᠲᠡᠷᠬᠡᠶ᠂ ᠪᠦᠬᠦ ᠨᠠᠮ ᠤᠨ ᠭᠡᠰᠢᠭᠦᠨ ᠺᠠᠳ᠋ᠷᠴᠣᠳ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠣᠶᠢᠯᠠᠭᠠᠬᠤ ᠪᠠ ᠪᠦᠬᠦ ᠲᠠᠯ᠎ᠠ ᠪᠠᠷ ᠡᠵᠡᠮᠰᠢᠬᠦ ᠳᠤ ᠲᠦᠢᠯ ᠤᠨ ᠴᠢᠬᠤᠯᠠ ᠠᠬᠢᠭᠤᠯᠬᠤ ᠦᠢᠯᠡᠳᠦᠯ ᠲᠠᠢ ᠶᠤᠮ᠃      ᠬᠤᠷᠠᠯ ᠳᠡᠭᠡᠷ᠎ᠡ᠂ ᠡᠯ᠎ᠡ ᠨᠠᠮ ᠤᠨ ᠭᠡᠰᠢᠭᠦᠳ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠯ ᠬᠢᠪᠡ︔ ᠤᠬᠠᠭᠤᠯᠤᠨ ᠲᠠᠶᠢᠯᠪᠤᠷᠢᠯᠠᠭᠴᠢ ᠲᠠᠢ ᠰᠠᠨᠠᠯ ᠢᠶᠠᠨ ᠰᠣᠯᠢᠯᠴᠠᠵᠤ᠂ ᠣᠶᠢᠯᠠᠭᠠᠬᠤ ᠦᠭᠡᠢ ᠠᠰᠠᠭᠤᠳᠠᠯ ᠪᠠᠶᠢᠪᠠᠯ ᠲᠠᠷᠡ ᠲᠠᠷᠣᠢ ᠳᠤᠨᠢ ᠳᠤᠷᠠᠳᠤᠨ ᠭᠠᠷᠭᠠᠪᠠ᠃ ᠤᠬᠠᠭᠤᠯᠤᠨ ᠲᠠᠶᠢᠯᠪᠤᠷᠢᠯᠠᠭᠴᠢ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠤᠯᠠᠨ ᠢᠶᠠᠷ ᠢᠶᠠᠨ ᠪᠠᠰᠠ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃      ᠬᠤᠷᠠᠯ ᠤᠨ ᠳᠠᠷᠠᠭ᠎ᠠ᠂ ᠨᠠᠮ ᠤᠨ ᠭᠡᠰᠢᠭᠦᠳ ᠢᠯᠡᠷᠭᠡᠶᠢᠯᠡᠵᠡᠭᠡᠭᠰᠡᠨ ᠨᠢ᠂ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠨᠡᠩ ᠭᠦᠨᠵᠡᠭᠡᠶ ᠣᠶᠢᠯᠠᠭᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠤᠯᠠᠮ ᠨᠢᠭᠡ ᠠᠯᠬᠤᠮ ᠨᠢᠭᠡᠳᠭᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ᠬᠤᠶᠢᠰᠢᠳᠠ ᠣᠯᠠᠨ ᠢᠶᠠᠷ ᠢᠶᠠᠨ ᠣᠨᠣᠯ ᠤᠨ ᠰᠤᠷᠤᠯᠴᠠᠯᠭ᠎ᠠ ᠪᠣᠯᠤᠨ ᠲᠤᠬᠠᠶᠢᠯᠠᠭᠰᠠᠨ ᠠᠵᠢᠯ ᠢᠶᠠᠨ ᠨᠡᠩ ᠰᠠᠶᠢᠲᠤᠷ ᠤᠶᠠᠯᠳᠤᠭᠤᠯᠵᠤ᠂ ᠰᠤᠷᠤᠯᠭ᠎ᠠ ᠶᠢᠨ ᠦᠷ᠎ᠡ ᠪᠦᠲᠦᠭᠡᠯ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠦ᠂ ᠠᠷᠠᠳ ᠲᠦᠮᠡᠨ ᠳᠤ ᠨᠡᠩ ᠰᠠᠶᠢᠨ ᠦᠢᠯᠡᠴᠢᠯᠡᠵᠦ᠂ ᠭᠠᠵᠠᠷ ᠣᠷᠣᠨ ᠤ ᠬᠥᠭᠵᠢᠯᠲᠡ ᠳᠤ ᠨᠡᠩ ᠰᠠᠶᠢᠨ ᠦᠢᠯᠡᠴᠢᠯᠡᠨ᠎ᠡ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号