ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠨ ᠲᠠᠪᠤᠳᠤᠭᠠᠷ ᠣᠳᠠᠭᠠᠨ ᠤ ᠬᠤᠷᠠᠯ ᠵᠢᠴᠢ ᠵᠢᠯᠣᠭᠤᠳᠬᠤ ᠭᠠᠵᠠᠷ ᠤᠨ ᠬᠤᠷᠢᠨ ᠭᠤᠷᠪᠠᠳᠤᠭᠠᠷ ᠣᠳᠠᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-17
     6 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠨ ᠲᠠᠪᠤᠳᠤᠭᠠᠷ ᠣᠳᠠᠭᠠᠨ ᠤ ᠬᠤᠷᠠᠯ ᠵᠢᠴᠢ ᠵᠢᠯᠣᠭᠤᠳᠬᠤ ᠭᠠᠵᠠᠷ ᠤᠨ ᠬᠤᠷᠢᠨ ᠭᠤᠷᠪᠠᠳᠤᠭᠠᠷ ᠣᠳᠠᠭᠠᠨ ᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠮᠠᠨ ᠤ ᠬᠤᠲᠠ ᠶᠢᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠳᠡᠳ᠋ ᠬᠤᠳᠠ ᠶᠢᠨ ᠳᠠᠷᠤᠭ᠎ᠠ ᠬᠤᠷᠠᠯ ᠳᠤ ᠣᠷᠣᠯᠴᠠᠪᠠ᠃      ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠮᠠᠨᠵᠢᠨ ᠰᠠᠶ᠋ᠢ ᠠᠮᠢᠳᠤᠷᠠᠯ ᠢ ᠪᠠᠶᠢᠩᠭᠤᠵᠢᠭᠤᠯᠵᠤ ᠴᠢᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠶ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ︽ᠭᠠᠳᠠᠭᠠᠳᠤ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠵᠦ᠂ ᠲᠤᠲᠤᠨ᠎ᠠ ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠦᠵᠡᠯ ᠰᠠᠨᠠᠭᠠᠨ ᠤ ᠬᠥᠪᠴᠢ ᠪᠠᠨ ᠢᠮᠠᠭᠲᠠ ᠴᠢᠩᠭᠠᠳᠬᠠᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠰᠢᠷᠠᠬᠤ ᠰᠡᠳᠬᠢᠯᠭᠡ᠂ ᠭᠤᠷᠢᠳᠠᠬᠤ ᠰᠡᠳᠬᠢᠯᠭᠡ᠂ ᠰᠤᠯᠠᠷᠠᠬᠤ ᠰᠡᠳᠭᠢᠯᠭᠡ ᠪᠠᠨ ᠪᠦᠲᠦᠮᠵᠢᠲᠡᠢ ᠪᠠᠷ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠣᠮᠣ ᠳ᠋ᠠᠶᠢᠲ᠋ᠠ + ᠲᠣᠤᠷᠵᠢᠭᠤᠯᠤᠯᠳᠠ︾ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ ᠲᠠᠬᠤᠯ ᠡᠪᠡᠳᠴᠢᠨ ᠤ ᠣᠬᠠᠭᠠᠨ ᠤ ᠪᠠᠶᠢᠴᠠᠭᠠᠯᠳᠠ ᠶᠢᠨ ᠠᠵᠢᠯ ᠢ ᠯᠠᠪᠳᠠᠭᠤᠨ ᠪᠠᠲᠤᠲᠠᠶ ᠨᠠᠷᠢᠯᠢᠭ ᠥᠨᠳᠥᠷ ᠪᠦᠲᠦᠮᠵᠢᠲᠡᠶ ᠪᠡᠶᠡᠯᠡᠭᠦᠯᠵᠦ᠂ ︽14 ᠡᠳᠦᠷ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ + 2 ᠣᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ + 1 ᠤᠳᠠᠭ᠎ᠠ ᠴᠢᠰᠤᠨ ᠴᠠᠶᠢᠪᠠᠩ ᠤᠨ ᠡᠰᠡᠷᠭᠦᠴᠡᠭᠴᠢ ᠪᠡᠶ᠎ᠡ ᠶᠢᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ︔ ᠣᠨᠣᠰᠢᠯᠠᠨ ᠡᠮᠨᠡᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠡᠮᠨᠡᠬᠦ᠂ ᠬᠠᠯᠠᠭᠤᠷᠠᠬᠤ ᠡᠭᠦᠳᠡᠨ ᠡᠮᠨᠡᠯᠭᠡ ᠶᠢᠨ ᠵᠢᠷᠤᠮᠵᠢᠭᠰᠠᠨ ᠪᠠᠷᠢᠮᠵᠢᠶᠠᠵᠢᠭᠰᠠᠨ ᠠᠵᠢᠯᠯᠠᠭ᠎ᠠ ᠶᠢ ᠴᠢᠩᠭᠠᠳᠬᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠦᠨᠡᠨᠬᠦ ᠪᠡᠶᠡᠯᠡᠭᠦᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠮᠥᠷᠳᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠬᠤᠪᠢ ᠬᠦᠮᠦᠨ ᠤ ᠬᠠᠮᠠᠭᠠᠯᠠᠯᠲᠠ ᠶᠢᠨ ᠰᠠᠨᠠᠭᠤᠯᠤᠮᠵᠢ ᠶᠢ ᠰᠠᠶᠢᠲᠤᠷ ᠬᠢᠵᠦ᠂ ᠢᠯᠠᠩᠭᠤᠶ᠎ᠠ ᠪᠠᠷᠠᠭ᠎ᠠ ᠶᠢᠨ ᠬᠦᠢᠯᠭᠡᠭᠡ᠂ ᠵᠠᠬ᠎ᠠ ᠳᠡᠯᠭᠡᠭᠦᠷ ᠤᠨ ᠬᠤᠳᠠᠯᠳᠤᠭᠠᠨ ᠤ ᠬᠡᠲᠦ ᠳᠡᠯᠭᠡᠭᠦᠷ ᠤᠨ ᠠᠵᠢᠯ ᠡᠷᠬᠢᠯᠡᠭᠰᠡᠳ ᠵᠡᠷᠭᠡ ᠬᠥᠮᠦᠰ ᠤᠨ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠭᠤᠯᠤᠯ ᠢ ᠨᠢ ᠴᠢᠩᠭᠠᠳᠬᠠᠵᠤ᠂ ᠰᠡᠷᠭᠡᠶᠢᠯᠡᠬᠦ ᠦᠵᠡᠯ ᠤᠬᠠᠮᠰᠠᠷ ᠢ ᠨᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠣᠶᠢᠯᠭᠠᠨ ᠪᠠᠶᠢᠴᠠᠭᠠᠬᠤ ᠪᠠ ᠴᠤᠭᠯᠠᠭ᠎ᠠ ᠮᠠᠶᠢᠮᠠᠶ ᠶᠢᠨ ᠵᠠᠬ᠎ᠠ ᠲᠡᠯᠭᠡᠭᠦᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠲᠠᠷᠢᠶᠠᠯᠠᠩ ᠤᠨ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠢᠳᠡᠭᠡᠨ ᠤ ᠲᠦᠪᠯᠡᠷᠡᠩᠭᠦᠢ ᠠᠷᠠᠯᠵᠢᠶᠠᠨ ᠤ ᠲᠠᠯᠠᠪᠤᠷ ᠲᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠪᠣᠯᠤᠨ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠪᠠᠶᠢᠴᠠᠭᠠᠯᠲᠠ ᠶᠢ ᠳᠠᠷᠦ᠋ᠢᠬᠠᠨ ᠥᠷᠨᠢᠭᠦᠯᠵᠦ᠂ ᠰᠥᠨᠢ ᠶᠢᠨ ᠵᠠᠬ᠎ᠠ ᠳᠡᠯᠭᠡᠭᠦᠷ᠂ ᠬᠤᠭᠤᠯᠠᠨ ᠭᠡᠷ᠂ ᠵᠣᠴᠢᠳ ᠤᠨ ᠪᠠᠭᠤᠳᠠᠯ᠂ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠵᠡᠷᠭᠡ ᠶᠢᠨ ᠪᠠᠷᠠᠭ᠎ᠠ ᠣᠷᠣᠭᠤᠯᠵᠤ ᠭᠠᠷᠭᠠᠬᠤ ᠠᠷᠭ᠎ᠠ ᠵᠠᠮ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠦ᠂ ᠭᠠᠳᠠᠭᠠᠳᠤ ᠠᠴᠠ ᠣᠷᠣᠭᠤᠯᠤᠭᠰᠠᠨ ᠪᠠ ᠪᠡᠭᠡᠵᠢᠩ ᠠᠴᠠ ᠢᠷᠡᠭᠰᠡᠨ ᠰᠢᠨ᠎ᠡ ᠰᠣᠷᠭᠤᠭ ᠵᠢᠮᠢᠰ ᠨᠣᠭᠤᠭ᠎ᠠ ᠵᠡᠷᠭᠡ ᠪᠠᠷᠠᠭ᠎ᠠ ᠶᠢ ᠰᠢᠯᠭᠠᠨ ᠪᠠᠶᠢᠴᠠᠭᠠᠬᠤ ᠪᠠ ᠬᠢᠵᠢᠭ ᠪᠠᠶᠢᠴᠠᠭᠠᠬᠤ ᠠᠵᠢᠯ ᠢ ᠴᠢᠩᠭᠠᠳᠬᠠᠵᠤ᠂ ᠸᠢᠷᠦ᠋ᠰ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠳᠡᠢ ᠬᠡᠵᠡᠢ᠃      ᠱᠢ ᠸᠠᠨ ᠵᠢᠶᠦ᠋ᠨ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠦᠨᠡᠨᠬᠦ ᠴᠢᠩᠭ᠎ᠠ ᠨᠠᠷᠢᠨ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠵᠢᠯ ᠤᠨ ᠱᠠᠭᠠᠷᠳᠠᠯᠭ᠎ᠠ ᠪᠠᠨ ᠴᠢᠩᠳᠠᠯᠠᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠨᠡᠶᠢᠭᠡᠮ ᠤᠨ ᠤᠬᠠᠭᠤᠯᠭ᠎ᠠ᠂ ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠵᠡᠷᠭᠡ ᠠᠵᠢᠯ ᠢ ᠬᠦᠴᠦᠲᠡᠶ ᠪᠥᠭᠡᠳ ᠪᠦᠲᠦᠮᠵᠢᠲᠡᠶ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠶᠢ ᠦᠨᠡᠨᠬᠦ ᠪᠠᠲᠤᠯᠠᠬᠤ ᠬᠡᠷᠡᠭᠳᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号