ᠦᠬᠠᠶ ᠬᠤᠲᠠ ᠶᠢᠨ ᠠᠩᠬᠠᠳᠤᠭᠠᠷ ᠬᠤᠭᠤᠴᠠᠭᠠᠨ ᠤ ᠠᠶᠤᠯᠬᠦᠢ ᠦᠢᠯᠡᠳᠪᠦᠷᠢᠯᠡᠯ ᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2020-06-18

   

     6 ᠰᠠᠷ᠎ᠠ ᠶᠢᠨ 17 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ︽ᠬᠦᠳᠡᠯᠮᠦᠷᠢ ᠬᠠᠮᠤᠭ ᠠᠴᠠ

ᠭᠤᠶᠣ ᠠᠶᠤᠯᠬᠦᠢ ᠦᠷᠬᠦᠯᠵᠢ ᠬᠠᠨᠢᠰᠠᠨᠠᠮ︾ ᠪᠥᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠠᠶᠤᠯᠬᠦᠢ

ᠦᠢᠯᠡᠳᠪᠦᠷᠢᠯᠡᠯ ᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠤᠷ᠎ᠠ ᠴᠢᠳᠠᠪᠤᠷᠢ ᠶᠢᠨ ᠣᠷᠣᠯᠳᠣᠭᠠᠨ ᠢ ᠭᠤᠤᠯᠯᠠᠨ

ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ

ᠬᠤᠷᠢᠶᠠᠨ ᠤ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂

ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠳᠠ ᠶᠢᠨ ᠳᠠᠷᠤᠭ᠎ᠠ ᠸᠠᠩ ᠵᠤᠤ ᠱᠧᠩ

ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

     ᠣᠶᠢᠷ᠎ᠠ ᠶᠢᠨ ᠵᠢᠯ ᠤᠳ ᠲᠤ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠠᠶᠤᠯᠬᠦᠢ ᠦᠢᠯᠡᠳᠪᠦᠷᠢᠯᠡᠯ ᠪᠠ

ᠬᠦᠳᠡᠯᠮᠦᠷᠢ ᠶᠢᠨ ᠤᠷᠤᠯᠳᠤᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠢᠯ ᠪᠦᠷᠢ ᠶᠢᠨ

ᠵᠢᠯ ᠤᠨ ᠡᠬᠢᠨ ᠳᠤ ᠪᠦᠬᠦ ᠬᠤᠲᠠ ᠶᠢᠨ ᠬᠥᠳᠡᠯᠮᠦᠷᠢ ᠶᠢᠨ ᠤᠷᠤᠯᠳᠤᠭᠠᠨ ᠪᠠ ︽ᠠᠨ ᠺᠠᠩ ᠬᠤᠨᠳᠠᠭᠠᠲᠤ︾

ᠤᠷᠤᠯᠳᠤᠭᠠᠨ ᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠬᠠᠷᠠᠯᠲᠠ ᠡᠭᠦᠷᠭᠡ ᠶᠢ ᠵᠠᠳᠠᠯᠤᠨ ᠪᠠᠭᠤᠯᠭᠠᠵᠤ᠂

ᠬᠢᠨᠠᠨ ᠰᠢᠯᠭᠠᠵᠤ ᠱᠠᠩᠨᠠᠬᠤ ᠠᠷᠭ᠎ᠠ ᠶᠢ ᠨᠡᠶᠢᠲᠡᠯᠡᠨ ᠬᠡᠷᠡᠭᠵᠢᠬᠦᠯᠵᠦ᠂ ᠣᠳᠣᠬᠠᠨ ᠳᠤ ᠨᠢᠭᠡᠨᠲᠡ ᠬᠤᠶᠠᠷ

ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠠᠮᠢᠶᠠᠷᠬᠤ ᠪᠠ ᠠᠳᠠᠯᠢᠳᠬᠠᠨ ᠰᠢᠯᠭᠠᠷᠠᠭᠤᠯᠵᠤ ᠱᠠᠩᠨᠠᠬᠤ

ᠪᠦᠷᠢᠨ ᠪᠦᠲᠦᠨ ᠰᠢᠰᠲ᠋ᠧᠮ ᠢ ᠪᠦᠷᠢᠯᠳᠦᠭᠦᠯᠵᠦ᠂ ᠤᠷᠤᠯᠳᠤᠭᠠᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠡᠮᠬᠢ

ᠵᠢᠷᠤᠮ ᠲᠠᠢ ᠥᠷᠨᠢᠭᠦᠯᠬᠦ ᠶᠢ ᠪᠠᠲᠤᠯᠠᠪᠠ᠃ ᠲᠠᠪᠤᠨ ᠵᠢᠯ ᠤᠨ ᠲᠤᠷᠰᠢ᠂ ᠪᠦᠬᠦ ᠬᠤᠲᠠ ᠶᠢᠨ ᠬᠥᠳᠡᠯᠮᠦᠷᠢ ᠶᠢᠨ

ᠤᠷᠤᠯᠳᠤᠭᠠᠨ ᠳᠤ ᠣᠷᠣᠯᠴᠠᠭᠰᠠᠨ ᠠᠵᠢᠯᠲᠠᠨ ᠠᠵᠢᠯᠴᠢᠨ ᠨᠡᠶᠢᠲᠡ 46.5 ᠲᠦᠮᠡᠨ ᠬᠥᠮᠦᠨ ᠤᠳᠠᠭ᠎ᠠ ᠳᠤ ᠬᠦᠷᠴᠦ

᠂ ᠠᠵᠤ ᠠᠬᠤᠶᠢᠯᠠᠯ ᠤᠨ ᠪᠦᠷᠬᠦᠴᠡ ᠶᠢᠨ ᠨᠣᠷᠮ᠎ᠠ ᠪᠠ ᠠᠵᠢᠯᠲᠠᠨ ᠠᠵᠢᠯᠴᠢᠨ ᠤ ᠣᠷᠣᠯᠴᠠᠭᠰᠠᠨ ᠨᠣᠷᠮ᠎ᠠ ᠴᠥᠮ

80% ᠠᠴᠠ ᠳᠡᠭᠡᠭᠰᠢ ᠳᠤ ᠬᠦᠷᠴᠡᠢ︔ ᠠᠵᠢᠯᠲᠠᠨ ᠠᠵᠢᠯᠲᠠᠨ ᠢ ᠵᠣᠬᠢᠶᠠᠨ ᠪᠠᠶᠢᠭᠤᠯᠤᠨ ︽ᠠᠨ ᠺᠠᠩ ᠬᠤᠨᠳᠠᠭᠠᠲᠤ

︾ ᠤᠷᠤᠯᠳᠤᠭᠠᠨ ᠳᠤ ᠨᠡᠶᠢᠲᠡ 32.5 ᠲᠦᠮᠡᠨ ᠬᠥᠮᠦᠨ ᠤᠳᠠᠭ᠎ᠠ ᠣᠷᠣᠯᠴᠠᠵᠤ᠂ 35 ᠨᠢᠭᠡᠴᠡ ᠪᠠ ᠬᠠᠮᠲᠤ

ᠨᠡᠶᠢᠲᠡ ᠲᠤᠰ ᠲᠤᠰ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠨ ᠺᠠᠩ ᠬᠤᠨᠳᠠᠭᠠᠲᠤ︾

ᠤᠷᠤᠯᠳᠤᠭᠠᠨ ᠤ ᠰᠢᠯᠢᠳᠡᠭ ᠪᠠᠶᠢᠭᠤᠯᠭ᠎ᠠ᠂ ᠰᠢᠯᠢᠳᠡᠭ ᠠᠩᠭᠢ ᠳᠤᠭᠤᠶᠢᠯᠠᠩ᠂ ᠰᠢᠯᠢᠳᠡᠭ ᠵᠣᠬᠢᠶᠠᠨ ᠪᠠᠶᠢᠭᠤᠯᠤᠭᠰᠠᠨ

ᠨᠢᠭᠡᠴᠡ ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂ 6 ᠬᠤᠪᠢ ᠬᠥᠮᠦᠨ ᠲᠤᠰ ᠲᠤᠰ ᠪᠦᠬᠦ ᠤᠯᠤᠰ᠂

ᠥᠪᠡᠷᠲᠡᠭᠡᠨ ᠵᠠᠰᠠᠬᠤ ᠣᠷᠣᠨ ᠤ ︽ᠠᠨ ᠺᠠᠩ ᠬᠤᠨᠳᠠᠭᠠᠲᠤ︾ ᠤᠷᠤᠯᠳᠤᠭᠠᠨ ᠤ ᠲᠡᠷᠢᠭᠦᠨ ᠤ ᠬᠤᠪᠢ ᠬᠥᠮᠦᠨ ᠤ

ᠢᠷᠠᠭᠤ ᠠᠯᠳᠠᠷ ᠤᠨ ᠴᠣᠯᠠ ᠶᠢ ᠬᠦᠷᠳᠡᠵᠦ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠬᠤᠶᠠᠷ ᠵᠢᠯ ᠳᠠᠷᠠᠭᠠᠯᠠᠨ

ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠨ ᠺᠠᠩ ᠬᠤᠨᠳᠠᠭᠠᠲᠤ︾ ᠰᠢᠯᠢᠳᠡᠭ ᠵᠣᠬᠢᠶᠠᠨ

ᠪᠠᠶᠢᠭᠤᠯᠤᠯᠲᠠ ᠶᠢᠨ ᠨᠢᠭᠡᠴᠡ ᠶᠢᠨ ᠱᠠᠩᠨᠠᠯ ᠬᠦᠷᠳᠡᠪᠡ᠃

     ᠲᠤᠰ ᠡᠳᠦᠷ᠂ ᠪᠥᠬᠦ ᠬᠤᠲᠠ ᠶᠢᠨ 36 ᠠᠵᠤ ᠠᠬᠤᠶᠢᠯᠠᠯ ᠤᠨ ᠨᠢᠭᠡᠴᠡ ᠶᠢᠨ 100 ᠭᠠᠷᠤᠶ ᠠᠵᠢᠯᠲᠠᠨ

ᠠᠵᠢᠯᠴᠢᠨ ᠲᠣᠰ ᠤᠳᠠᠭᠠᠨ ᠤ ᠣᠷᠣᠯᠳᠣᠭᠠᠨ ᠳᠤ ᠣᠷᠣᠯᠴᠠᠪᠠ᠃ ᠤᠷᠤᠯᠳᠤᠭᠠᠨ ᠤ ᠠᠭᠤᠯᠭ᠎ᠠ ᠳᠤ ᠪᠠᠴᠢᠮ

ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢᠨ ᠤᠷᠤᠯᠳᠤᠭᠠᠨ᠂ ᠭᠠᠯ ᠤᠨᠲᠠᠷᠠᠭᠠᠬᠤ ᠤᠷ᠎ᠠ

ᠴᠢᠳᠠᠪᠤᠷᠢ ᠶᠢᠨ ᠤᠷᠤᠯᠳᠤᠭᠠᠨ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠤᠷᠤᠯᠳᠤᠭᠠᠨ ᠵᠡᠷᠭᠡ ᠪᠠᠭᠲᠠᠨ᠎ᠠ

᠃ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂

ᠪᠠᠶᠢᠩᠭᠤ ᠶᠢᠨ ᠳᠡᠳ᠋ ᠲᠡᠷᠢᠭᠦᠯᠡᠭᠴᠢ ᠵᠠᠶ ᠸᠧᠨ ᠾᠧ ᠢᠯᠡᠷᠭᠡᠶᠢᠯᠡᠭᠰᠡᠨ ᠨᠢ᠂ ᠤᠷᠤᠯᠳᠤᠭᠠᠨ ᠢᠶᠠᠷ ᠳᠠᠮᠵᠢᠨ ᠪᠦᠬᠦ

ᠬᠤᠲᠠ ᠶᠢᠨ ᠥᠷᠭᠡᠨ ᠣᠯᠠᠨ ᠠᠵᠢᠯᠲᠠᠨ ᠠᠵᠢᠯᠴᠢᠨ ᠤ ᠮᠡᠷᠭᠡᠵᠢᠯ ᠰᠤᠷᠬᠤ᠂ ᠲᠤᠬᠠᠶᠢᠯᠠᠭᠰᠠᠨ ᠠᠵᠢᠯ ᠢᠶᠠᠨ

ᠰᠣᠳᠣᠯᠬᠤ ᠢᠳᠡᠪᠬᠢᠵᠢᠯ ᠢ ᠤᠯᠠᠮ ᠬᠥᠭᠵᠢᠭᠡᠵᠦ᠂ ᠠᠵᠢᠯ ᠮᠡᠷᠭᠡᠵᠢᠯ ᠤᠨ ᠣᠷ᠎ᠠ ᠴᠢᠳᠠᠪᠤᠷᠢ ᠪᠣᠯᠤᠨ ᠪᠦᠬᠦᠯᠢ

ᠴᠣᠭᠴᠠ ᠶᠢᠨ ᠬᠡᠪ ᠴᠢᠨᠠᠷ ᠢᠶᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠠᠶᠤᠯᠬᠦᠢ ᠦᠢᠯᠡᠳᠪᠦᠷᠢᠯᠡᠯ ᠤᠨ ᠠᠳᠡᠯ

ᠪᠣᠯᠤᠨ ᠠᠵᠢᠯ ᠤᠨ ᠨᠥᠯᠥᠭᠡᠨ ᠤ ᠡᠪᠡᠳᠴᠢᠨ ᠤ ᠡᠭᠦᠰᠬᠦ ᠶᠢ ᠰᠡᠷᠭᠡᠶᠢᠯᠡᠨ ᠪᠠᠭᠠᠰᠬᠠᠵᠤ᠂ ᠠᠵᠤ ᠠᠬᠤᠶᠢᠯᠠᠯ ᠤᠨ

ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠮᠠᠨ ᠤ ᠬᠤᠲᠠ ᠶᠢᠨ ᠠᠵᠤ ᠠᠬᠤᠢ ᠶᠢᠨ ᠴᠢᠨᠠᠷ

ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠬᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号