15 ᠬᠤᠪᠢ ᠬᠥᠮᠦᠨ ᠪᠠ 4 ᠨᠢᠭᠡᠴᠡ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠢᠷᠠᠭᠤ ᠠᠯᠳᠠᠷ ᠤᠨ ᠴᠣᠯᠠ ᠭᠥᠷᠳᠡᠪᠡ
ᠨᠡᠶᠢᠲᠡᠯᠡᠭᠰᠡᠨ ᠴᠠᠭ᠄
2020-06-18
     ᠣᠶᠢᠷ᠎ᠠ ᠳᠤ᠂ ᠮᠠᠨ ᠤ ᠬᠤᠲᠠ ᠶᠢᠨ 15 ᠬᠤᠪᠢ ᠬᠥᠮᠦᠨ ᠪᠥᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠢᠯᠢᠳᠡᠭ ᠲᠤᠰᠬᠠᠢ ᠮᠡᠷᠭᠡᠵᠢᠯᠲᠡᠨ᠂ ᠪᠥᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠢᠯᠢᠳᠡᠭ ᠮᠡᠳᠡᠭᠡ ᠵᠠᠩᠭᠢᠴᠢ᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠰᠠᠶᠢᠨ ᠳᠤᠷᠠᠴᠤᠳ ᠤᠨ ᠴᠣᠯᠠ ᠶᠢᠨ ᠢᠷᠠᠭᠤ ᠠᠯᠳᠠᠷ ᠢ ᠭᠥᠷᠳᠡᠵᠦ᠂ 4 ᠨᠢᠭᠡᠴᠡ ᠪᠥᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠡᠩᠨᠡᠭᠡ ᠶᠢᠨ ᠪᠠᠶᠢᠭᠤᠯᠤᠯᠳᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠡ ᠶᠢᠨ ᠴᠣᠯᠠ ᠶᠢ ᠢᠷᠠᠭᠤ ᠠᠯᠳᠠᠷᠲᠠᠶ ᠪᠠᠷ ᠭᠥᠷᠳᠡᠪᠡ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ︽ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠯᠢᠳᠡᠭ ᠲᠤᠰᠬᠠᠶ ᠮᠡᠷᠭᠡᠵᠢᠯᠲᠡᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠯᠢᠳᠡᠭ ᠮᠡᠳᠡᠭᠡ ᠵᠠᠩᠭᠢᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠰᠠᠶᠢᠨ ᠲᠤᠷᠠᠴᠣᠳ ᠪᠠ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠩᠨᠡᠭᠡ ᠶᠢᠨ ᠪᠠᠶᠢᠭᠤᠯᠤᠯᠲᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠡ ᠶᠢ ᠰᠢᠯᠭᠠᠷᠠᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠪᠣᠯᠤᠨ ᠡᠯ᠎ᠡ ᠱᠠᠲᠤᠨ ᠤ ᠰᠢᠨᠵᠢᠯᠡᠬᠦ ᠣᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠠᠵᠢᠯᠯᠠᠭ᠎ᠠ ᠥᠷᠨᠢᠭᠦᠯᠬᠦ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠦᠯᠦᠬᠡ᠂ ᠰᠢᠨᠵᠢᠯᠡᠬᠦ ᠣᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠨᠢᠭᠡᠴᠡ ᠪᠣᠯᠤᠨ ᠰᠢᠯᠢᠳᠡᠭ ᠬᠤᠪᠢ ᠬᠥᠮᠦᠨ ᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠡᠳᠦᠷ ᠲᠤᠲᠤᠮ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠲᠠᠨᠢᠯᠴᠠᠭᠤᠯᠬᠤ ᠪᠠᠷ ᠪᠠᠶᠢᠭ᠎ᠠ ᠡᠲᠡᠭᠡᠳ ᠤᠨ ᠪᠠᠶᠢᠭ᠎ᠠ ᠨᠢᠭᠡᠴᠡ ᠶᠢᠨ ᠠᠷᠠᠳᠴᠢᠯᠠᠯ ᠢᠶᠠᠷ ᠲᠠᠨᠢᠯᠴᠠᠭᠤᠯᠬᠤ᠂ ᠦᠨᠡᠯᠡᠨ ᠶᠠᠷᠢᠯᠴᠠᠬᠤ᠂ ᠬᠠᠮᠲᠤ ᠪᠠᠷ ᠰᠤᠳᠤᠯᠤᠨ ᠲᠣᠭᠲᠠᠭᠠᠭᠰᠠᠨ ᠤ ᠳᠠᠷᠠᠭ᠎ᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠤ ᠮᠡᠳᠡᠭᠦᠯᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠢᠶᠠᠷ ᠬᠢᠨᠠᠨ ᠬᠠᠷᠭᠤᠭᠤᠯᠵᠤ᠂ ᠰᠤᠳᠤᠯᠤᠨ ᠲᠣᠭᠲᠠᠭᠠᠯᠭᠠᠪᠠ᠃ ᠪᠦᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ 2 ᠰᠢᠯᠢᠳᠡᠭ ᠲᠤᠰᠬᠠᠶ ᠮᠡᠷᠭᠡᠵᠢᠯᠲᠡᠨ᠂ ᠪᠦᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ 10 ᠰᠢᠯᠢᠳᠡᠭ ᠮᠡᠳᠡᠭᠡ ᠵᠠᠩᠬᠢᠴᠢ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ 3 ᠰᠢᠯᠢᠳᠡᠭ ᠰᠠᠶᠢᠨ ᠲᠤᠷᠠᠴᠣᠳ ᠪᠣᠯᠤᠨ ᠪᠦᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ 4 ᠡᠩᠨᠡᠭᠡᠨ ᠤ ᠪᠠᠶᠢᠭᠤᠯᠤᠯᠲᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠡ ᠶᠢ ᠪᠠᠲᠤᠯᠠᠨ ᠲᠠᠨᠢᠯᠴᠠᠭᠤᠯᠪᠠ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠠᠷᠤ ᠲᠠᠪᠴᠠᠩ ᠤᠨ ᠲᠤᠭ᠎ᠠ ᠪᠠᠷᠢᠮᠲᠠ ᠶᠢ ᠬᠠᠷᠭᠤᠭᠤᠯᠬᠤ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ ᠵᠡᠷᠭᠡ ᠶᠠᠪᠤᠴᠠ ᠪᠠᠷ ᠳᠠᠮᠵᠢᠨ᠂ 2020 ᠣᠨ ᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠪᠣᠯᠬᠤ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠪᠥᠬᠦ ᠣᠷᠣᠨ ᠤ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ 62 ᠨᠡᠷᠡᠰ᠂ ᠪᠥᠬᠦ ᠣᠷᠣᠨ ᠤ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠴᠢ 119 ᠨᠡᠷᠡᠰ᠂ ᠪᠥᠬᠦ ᠣᠷᠣᠨ ᠤ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠲᠤᠷᠠᠴᠣᠳ 60 ᠨᠡᠷᠡᠰ ᠪᠠ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠩᠨᠡᠭᠡ ᠶᠢᠨ ᠪᠠᠶᠢᠭᠤᠯᠤᠯᠲᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠡ ᠶᠢ ᠨᠡᠶᠢᠳᠡᠯᠡᠪᠠ᠃      ᠮᠠᠨ ᠤ ᠬᠤᠲᠠ ᠶᠢᠨ ᠢᠷᠠᠭᠤ ᠠᠯᠳᠠᠷ ᠤᠨ ᠴᠣᠯᠠ ᠬᠦᠷᠳᠡᠭᠰᠡᠨ ᠬᠤᠪᠢ ᠬᠥᠮᠦᠨ ᠪᠠ ᠪᠠᠶᠢᠭᠤᠯᠭ᠎ᠠ ᠦᠷᠭᠦᠯᠵᠢᠯᠡᠨ ᠴᠢᠷᠮᠠᠶᠢᠵᠦ᠂ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠠᠮᠵᠢᠭᠤᠯᠬᠤ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠦᠨᠳᠦᠰᠦᠨ ᠱᠠᠲᠤᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号