ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠬᠤᠯᠪᠤᠭᠳᠠᠯ ᠪᠦᠬᠦᠢ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠲᠣᠪᠴᠢᠶ᠎ᠠ ᠠᠴᠠ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠤᠲᠠ ᠶᠢᠨ | ᠲᠡᠤᠬᠡ ᠶᠢᠨ ᠲᠤᠷᠠᠰᠬᠠᠯᠲᠤ ᠵᠦᠢᠯᠡᠰ ᠤᠨ ᠠᠵᠢᠯ ᠤᠨ ᠥᠷᠲᠡᠭᠡ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠪᠥᠬᠦ ᠬᠤᠲᠠ ᠶᠢᠨ ᠬᠤᠲᠠ ᠶᠢᠨ ᠱᠠᠲᠤ ᠵᠢᠴᠢ | ᠲᠡᠭᠦᠨ ᠠᠴᠠ ᠳᠡᠭᠡᠭᠰᠢᠬᠢ ᠲᠡᠤᠬᠡ ᠶᠢᠨ ᠲᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ 3 ᠡᠳᠦᠷ ᠤᠨ | ᠬᠤᠭᠤᠴᠠᠭ᠎ᠠ ᠲᠠᠢ ᠲᠡᠤᠬᠡ ᠶᠢᠨ ᠲᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠳᠠᠯᠳᠠ ᠭᠡᠮ ᠢ ᠲᠤᠰᠬᠠᠶ | ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠪᠠ᠃ | ᠮᠠᠨ ᠤ ᠬᠤᠲᠠ ᠳᠤ ᠤᠯᠤᠰ ᠤᠨ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠨᠢᠭᠡᠴᠡ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ 6᠂ ᠬᠤᠲᠠ ᠶᠢᠨ ᠲᠡᠰ ᠤᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ 4 ᠪᠤᠢ᠃ ᠡᠨᠡ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠨᠢ | ᠭᠤᠤᠯᠳᠠᠭᠤ ᠳᠥᠷᠪᠡᠨ ᠲᠠᠯ᠎ᠠ ᠪᠠᠷ ᠭᠤᠤᠯᠳᠠᠭᠤᠯᠵᠤ ᠶᠠᠪᠤᠭᠳᠠᠭᠤᠯᠪᠠ᠄ ᠨᠢᠭᠡ ᠳᠤ᠂ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠤᠰ ᠪᠡᠶ᠎ᠡ ᠶᠢᠨ ᠬᠠᠳᠠᠭᠠᠯᠠᠵᠤ ᠪᠠᠶᠢᠭ᠎ᠠ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠬᠥᠨᠥᠭᠡᠯ ᠵᠢᠴᠢ | ᠬᠥᠨᠥᠭᠡᠯ ᠤᠨ ᠬᠡᠮᠵᠢᠶ᠎ᠡ᠂ ᠠᠶᠤᠯ ᠠᠴᠠ ᠰᠡᠷᠭᠡᠶᠢᠯᠡᠬᠦ᠂ ᠭᠠᠯ ᠤᠨᠲᠠᠷᠠᠭᠠᠬᠤ᠂ ᠠᠶᠤᠩᠭ᠎ᠠ ᠠᠴᠠ ᠰᠡᠷᠭᠡᠶᠢᠯᠡᠬᠦ | ᠲᠥᠬᠦᠭᠡᠷᠦᠮᠵᠢ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ︔ ᠬᠤᠶᠠᠷ ᠲᠤ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠠᠴᠠ ᠨᠠᠰᠢ᠂ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ᠂ ᠲᠤᠰᠬᠠᠢ ᠵᠦᠢᠯ ᠤᠨ ᠵᠠᠷᠤᠳᠠᠯ ᠢ ᠬᠡᠷᠡᠭᠯᠡᠭᠰᠡᠨ | ᠪᠠᠶᠢᠳᠠᠯ ᠢ ᠰᠢᠮᠳᠠᠭᠤᠯᠤᠨ ᠪᠠᠶᠢᠴᠠᠭᠠᠪᠠ︔ ᠭᠤᠷᠪᠠ ᠳᠤ᠂ ᠪᠦᠬᠦ ᠬᠤᠲᠠ ᠶᠢᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ︽ᠲᠦᠷᠪᠡ ᠶᠢ ᠪᠦᠷᠢᠳᠦᠭᠦᠯᠦᠭᠰᠡᠨ︾ ︵ᠬᠠᠮᠠᠭᠠᠯᠠᠬᠤ ᠬᠦᠷᠢᠶ᠎ᠡ | ᠬᠡᠪᠴᠢᠶ᠎ᠡ ᠲᠠᠢ᠂ ᠲᠡᠮᠳᠡᠭ ᠲᠣᠳᠤᠷᠬᠠᠶᠢᠯᠠᠯ ᠲᠠᠢ᠂ ᠲᠡᠮᠳᠡᠭᠯᠡᠯ ᠳᠠᠩᠰᠠ ᠡᠪᠬᠡᠮᠡᠯ ᠲᠠᠢ᠂ ᠲᠤᠰᠬᠠᠢ ᠪᠠᠶᠢᠭᠤᠯᠤᠮᠵᠢ ᠶᠢᠨ | ᠠᠵᠢᠯᠲᠠᠨ ᠲᠠᠢ︶ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ︔ ᠳᠥᠷᠪᠡ ᠳᠤ᠂ | ᠭᠤᠷᠪᠠᠨ ᠲᠤᠭᠤᠷᠢᠭ ᠤᠨ ᠵᠠᠰᠠᠭ ᠤᠨ ᠣᠷᠳᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ᠂ ᠲᠡᠤᠬᠡ ᠶᠢᠨ ᠳᠤᠷᠠᠰᠬᠠᠯᠲᠤ ᠵᠦᠢᠯᠡᠰ ᠵᠢᠴᠢ | ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ᠂ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠬᠡᠷᠡᠭᠯᠡᠭᠴᠢ ᠶᠢᠨ ᠰᠢᠭᠤᠳ ᠬᠠᠷᠢᠭᠤᠴᠠᠯᠭ᠎ᠠ ᠪᠠᠨ | ᠬᠦᠢᠴᠡᠳᠭᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃ | ᠡᠨᠡ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠨᠢ ᠭᠤᠷᠪᠠᠨ ᠲᠣᠭᠤᠷᠢᠭ ᠤᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠠᠵᠢᠯ ᠤᠨ ᠰᠠᠯᠠᠭ᠎ᠠ ᠮᠥᠴᠢᠷ ᠪᠣᠯᠤᠨ ᠬᠤᠯᠪᠤᠭᠳᠠᠯ ᠪᠦᠬᠦᠢ ᠨᠢᠭᠡᠴᠡ ᠶᠢᠨ ᠰᠡᠵᠢᠭᠯᠡᠯ ᠢ ᠲᠠᠶᠢᠯᠵᠤ᠂ | ᠪᠠᠰᠠ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠤᠨ ᠡᠬᠡ | ᠲᠠᠩᠰᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠡᠷᠡᠭᠦᠯ ᠮᠡᠨᠳᠦ ᠶᠢᠨ ᠳᠠᠩᠰᠠ ᠵᠢᠴᠢ ︽ᠳᠥᠷᠪᠡ ᠶᠢ ᠨᠢᠭᠡ | ᠨᠢᠭᠡ ᠪᠠᠷ ᠳᠠᠷᠠᠭᠠᠯᠠᠨ ᠪᠠᠶᠢᠴᠠᠭᠠᠬᠤ︾ ︵ᠲᠡᠤᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠶᠢ ᠨᠢᠭᠡ ᠨᠢᠭᠡ ᠪᠠᠷ | ᠵᠢᠭᠰᠠᠭᠠᠨ ᠪᠠᠶᠢᠴᠠᠭᠠᠬᠤ᠂ ᠨᠢᠭᠡ ᠨᠢᠭᠡ ᠪᠠᠷ ᠳᠠᠩᠰᠠ ᠡᠪᠬᠡᠮᠡᠯ ᠪᠠᠶᠢᠭᠤᠯᠬᠤ᠂ ᠨᠢᠭᠡ ᠨᠢᠭᠡ ᠪᠠᠷ ᠣᠨᠣᠰᠢᠯᠠᠬᠤ᠂ ᠨᠢᠭᠡ | ᠨᠢᠭᠡ ᠪᠠᠷ ᠴᠡᠭᠴᠡᠯᠡᠨ ᠰᠠᠶᠢᠵᠢᠷᠠᠭᠤᠯᠬᠤ︶ ᠶᠢ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠠᠶ᠃ |