ᠦᠪᠡᠷᠳᠡᠭᠡᠨ ᠵᠠᠰᠠᠬᠤ ᠣᠷᠣᠨ ‍ᠤ ᠨᠠᠮ ᠤᠨ ᠬᠤᠷᠢᠶᠠᠨ ᠤ ᠪᠠᠶᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠵᠢᠨ ᠳᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠮᠠᠨ ᠤ ᠬᠤᠲᠠ ᠳᠤ ᠭᠦᠨᠵᠡᠭᠡᠶᠢᠷᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠡᠴᠡ ᠵᠦᠷᠢᠴᠡᠵᠦ ᠬᠠᠤᠯᠢ ᠡᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠬᠠᠶ ᠪᠠᠶᠢᠴᠠᠭᠠᠨ ᠰᠣᠳᠣᠯᠣᠭᠰᠠᠨ ᠪᠦᠭᠡᠳ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-06-24
     6 ᠰᠠᠷ᠎ᠠ ᠵᠢᠨ 21 ᠤ ᠡᠳᠦᠷ ᠡᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠵᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠮᠠᠨ ᠤ ᠬᠤᠲᠠ ᠳᠤ ᠭᠦᠨᠵᠡᠭᠡᠶᠢᠷᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠡᠴᠡ ᠵᠦᠷᠢᠴᠡᠵᠦ ᠬᠠᠤᠯᠢ ᠡᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠬᠠᠶ ᠲᠤᠬᠠᠶ ᠵᠢᠨ ᠭᠠᠵᠠᠷ ᠲᠤᠨᠢ ᠪᠠᠶᠢᠴᠠᠭᠠᠨ ᠰᠣᠳᠣᠯᠣᠭᠰᠠᠨ ᠪᠦᠭᠡᠳ ᠶᠠᠷᠢᠯᠴᠠᠬᠤ ᠬᠤᠷᠠᠯ ᠬᠤᠷᠠᠯᠳᠣᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠵᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠯᠢ ᠫᠢᠩ᠂ ᠬᠤᠲᠠ ᠵᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ ᠳᠠᠩ ᠢ᠂ ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠵᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠵᠢᠨ ᠨᠠᠮ ᠤᠨ ᠬᠤᠷᠢᠶᠠᠨ ᠤ ᠪᠠᠶᠢᠩᠭᠤ ᠵᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠯᠦᠸᠧ ᠵᠢᠶᠦ᠋ᠨ ᠶᠤᠸᠠᠨ᠂  ᠳᠡᠳ᠋ ᠬᠤᠲᠠ ᠵᠢᠨ ᠳᠠᠷᠤᠭ᠎ᠠ ᠮᠢᠩ ᠶᠢᠦ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃      ᠮᠠ ᠰᠢᠤᠸᠠᠢ ᠵᠢᠶᠦ᠋ᠨ ᠡᠩ ᠲᠡᠷᠢᠭᠦᠨ ᠳᠤ ᠦᠬᠠᠶ ᠬᠤᠲᠠ ᠵᠢᠨ ᠳᠣᠲᠣᠭᠠᠳᠤ ᠵᠢ ᠬᠠᠮᠠᠭᠠᠯᠠᠬᠤ ᠲᠣᠪᠴᠢᠶᠠᠨ ᠳᠤ ᠬᠦᠷᠴᠦ᠂ ᠨᠡᠭᠦᠷᠡᠰᠦ ᠳᠤ ᠬᠤᠯᠪᠣᠭᠳᠠᠭᠰᠠᠨ ᠬᠡᠷᠡᠭ ᠢ ᠮᠥᠷᠳᠡᠨ ᠢᠯᠡᠷᠡᠭᠦᠯᠦᠭᠰᠡᠨ ᠠᠬᠢᠴᠠ ᠵᠢᠨ ᠪᠠᠶᠢᠳᠠᠯ ᠢ ᠲᠤᠬᠠᠶ ᠵᠢᠨ ᠭᠠᠵᠠᠷ ᠲᠤᠨᠢ ᠪᠠᠶᠢᠴᠠᠭᠠᠨ ᠦᠵᠡᠵᠦ᠂ ᠳᠠᠷᠠᠭ᠎ᠠ ᠨᠢ ᠪᠠᠰᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠡᠴᠡ ᠵᠦᠷᠢᠴᠡᠵᠦ ᠬᠠᠤᠯᠢ ᠡᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠳᠥᠷᠪᠡᠳᠦᠭᠡᠷ ᠬᠢᠨᠠᠨ ᠪᠠᠶᠢᠴᠠᠭᠠᠬᠤ ᠳᠤᠭᠤᠶᠢᠯᠠᠩ ᠪᠣᠯᠤᠨ ᠦᠬᠠᠶ ᠬᠤᠲᠠ ᠵᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠲᠠᠢ ᠲᠤᠰ ᠲᠤᠰ ᠶᠠᠷᠢᠯᠴᠠᠬᠤ ᠬᠤᠷᠠᠯ ᠬᠤᠷᠠᠯᠳᠣᠭᠤᠯᠵᠤ᠂ ᠭᠤᠤᠯᠳᠠᠯᠭ᠎ᠠ ᠲᠠᠢ ᠰᠦᠪᠡᠭᠴᠢ ᠵᠢ ᠬᠠᠷᠭᠤᠭᠤᠯᠤᠨ ᠪᠠᠶᠢᠴᠠᠭᠠᠬᠤ ᠠᠵᠢᠯ ᠢ ᠲᠦᠷᠭᠡᠳᠬᠡᠨ ᠠᠬᠢᠭᠤᠯᠬᠤ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠵᠢ ᠬᠠᠮᠲᠤᠪᠠᠷ ᠰᠤᠳᠤᠯᠪᠠ᠃      ᠮᠠ ᠰᠢᠤᠸᠠᠢ ᠵᠢᠶᠦ᠋ᠨ ᠵᠢᠭᠠᠵᠤ ᠭᠠᠷᠭᠠᠭᠰᠠᠨ ᠨᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠡᠴᠡ ᠵᠦᠷᠢᠴᠡᠵᠦ ᠬᠠᠤᠯᠢ ᠡᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ ᠤᠨ ᠲᠥᠪ ᠬᠤᠷᠢᠶ᠎ᠠ ᠡᠴᠠ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠪᠣᠯᠤᠨ᠎ᠠ᠃ ᠤᠯᠤᠰ ᠲᠥᠷᠥ ᠵᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠦᠮᠡᠨ ᠵᠶᠠᠷ ᠭᠤᠣᠯ ᠪᠣᠯᠭᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠢ ᠪᠣᠯᠭᠠᠵᠤ᠂ ᠨᠠᠮ ‍ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠵᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠴᠢᠬᠤᠯᠠ ᠶᠡᠭᠡ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ 6 ᠰᠠᠷ᠎ᠠ ᠵᠢᠨ 18 ᠤ ᠡᠳᠦᠷ ‍ᠤᠨ ᠶᠠᠷᠢᠶᠠᠨ ‍ᠤ ᠱᠠᠭᠠᠷᠳᠠᠯᠭ᠎ᠠ ᠶᠣᠰᠣᠭᠠᠷ᠂ ᠬᠡᠪ ᠤᠨ ᠪᠤᠰᠤ ᠠᠷᠭ᠎ᠠ ᠬᠡᠮᠵᠢᠶ᠎ᠡ ᠠᠪᠴᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠭᠤᠣᠯ ᠴᠣᠭᠴᠠ ᠵᠢᠨ ᠬᠠᠷᠢᠭᠤᠴᠠᠯᠭ᠎ᠠ ᠪᠡᠨ ᠤᠯᠠᠮ ᠨᠢᠭᠡ ᠠᠯᠬᠤᠮ ᠪᠤᠳᠠᠳᠠᠢ ᠪᠣᠯᠭᠠᠵᠤ᠂ ᠬᠢᠨᠠᠨ ᠪᠠᠶᠢᠴᠠᠭᠠᠬᠤ ᠳᠤᠭᠤᠶᠢᠯᠠᠩ ᠯᠤᠭ᠎ᠠ ᠵᠢᠨ ᠬᠠᠮᠵᠢᠯᠴᠠᠭ᠎ᠠ ᠪᠠᠨ ᠴᠢᠩᠭᠠᠳᠬᠠᠵᠦ᠂ ᠬᠤᠷᠳᠤᠴᠠ ᠪᠠᠨ ᠲᠦᠷᠭᠡᠳᠬᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠭᠤᠭᠤᠯᠤᠨ ᠪᠠᠶᠢᠴᠠᠭᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠳᠡᠢ᠃ ᠡᠷᠬᠡᠪᠰᠢ ᠴᠢᠬᠤᠯᠠ ᠶᠡᠭᠡ ᠴᠡᠭᠴᠡᠯᠡᠨ ᠵᠠᠰᠠᠭᠰᠠᠨ ᠦᠷ᠎ᠡ ᠪᠦᠲᠦᠭᠡᠯ ᠣᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ᠂ ᠭᠠᠯ ᠤᠨᠲᠠᠷᠠᠭᠠᠬᠤ ᠢᠨᠵᠧᠨᠧᠷᠢᠩ᠂ ᠮᠠᠯᠳᠠᠵᠦ ᠬᠦᠨᠳᠡᠶᠢᠷᠡᠭᠦᠯᠦᠭᠰᠡᠨ ᠣᠷᠣᠨ ᠢ ᠵᠠᠰᠠᠬᠤ᠂ ᠬᠠᠤᠯᠢ ᠪᠤᠰᠤ ᠪᠠᠷ ᠨᠡᠭᠡᠭᠡᠨ ᠮᠠᠯᠲᠠᠬᠤ ᠵᠡᠷᠭᠡ ᠳᠣᠪᠤᠶᠢᠮ᠎ᠠ ᠠᠰᠠᠭᠤᠳᠠᠯ ᠳᠤ ᠠᠩᠬᠠᠷᠤᠯ ᠵᠶᠠᠨ ᠲᠥᠪᠯᠡᠷᠡᠭᠦᠯᠵᠦ᠂ ᠴᠢᠬᠤᠯᠠ ᠶᠡᠭᠡ ᠬᠡᠷᠡᠭ ᠤᠨ ᠪᠠᠶᠢᠳᠠᠯ ᠪᠣᠯᠤᠨ ᠪᠣᠳᠠᠲᠠᠶ ᠰᠦᠪᠡᠭᠴᠢ ᠵᠢ ᠠᠳᠬᠤᠵᠤ᠂ ᠪᠣᠳᠠᠲᠠᠶ ᠬᠥᠮᠦᠨ ᠪᠠ ᠪᠣᠳᠠᠲᠠᠶ ᠶᠠᠪᠤᠳᠠᠯ ᠢ ᠴᠢᠩᠭ᠎ᠠ ᠠᠩᠬᠠᠷᠴᠤ᠂ ᠬᠤᠷᠴᠠ ᠰᠢᠷᠦᠭᠦᠨ ᠲᠡᠮᠡᠴᠡᠯ ᠤᠨ ᠵᠣᠷᠢᠭ ᠰᠠᠨᠠᠭ᠎ᠠ ᠵᠢ ᠠᠪᠴᠤ᠂ ᠭᠦᠨᠵᠡᠭᠡᠶ ᠠᠭᠤᠳᠠᠯᠤᠨ ᠲᠦᠢᠯᠪᠤᠷᠢᠲᠠᠶ ᠪᠠᠶᠢᠴᠠᠭᠠᠨ᠂ ᠪᠡᠷᠬᠡ ᠰᠡᠳᠦᠪ ᠢ ᠰᠢᠢᠳᠪᠦᠷᠢᠯᠡᠵᠦ ᠬᠠᠷᠰᠢ ᠰᠠᠭᠠᠳ ᠢ ᠢᠯᠠᠨ ᠳᠠᠪᠠᠵᠤ᠂ ᠠᠰᠠᠭᠤᠳᠠᠯ ᠤᠨ ᠠᠷᠤ ᠳᠠᠬᠢ ᠠᠰᠠᠭᠤᠳᠠᠯ ᠢ ᠦᠨᠡᠨ ᠬᠦ ᠮᠠᠯᠲᠠᠨ ᠭᠠᠷᠭᠠᠵᠤ᠂ ᠪᠠᠶᠢᠴᠠᠭᠠᠨ ᠲᠣᠳᠣᠷᠬᠠᠶᠢᠯᠠᠵᠤ᠂ ᠭᠠᠷᠮᠠᠭᠠᠢ ᠪᠠᠶᠢᠯᠳᠤᠭᠠᠨ ᠤ ᠦᠷ᠎ᠡ ᠪᠦᠲᠦᠭᠡᠯ ᠵᠶᠠᠷ ᠨᠠᠮ ᠪᠠ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠵᠢᠨ ᠬᠠᠭᠤᠳᠠᠰᠣ ᠲᠤᠰᠢᠶᠠᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠵᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠡᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠡᠷ ᠬᠠᠭᠤᠯᠪᠤᠷᠢᠯᠠᠬᠤ ᠵᠢ ᠡᠷᠡᠰ ᠬᠤᠷᠢᠭᠯᠠᠨ᠎ᠠ 蒙ICP备05070829号