ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠷᠤᠪ ᠤᠨ ᠲᠣᠬᠤᠢ ᠲᠣᠭᠤᠷᠢᠭ ᠲᠤ ᠭᠦᠨᠵᠡᠭᠡᠶᠢᠷᠡᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠠ ︽ᠬᠤᠣᠰ ᠬᠤᠲᠠ ᠶᠢ ᠬᠤᠯᠪᠣᠭᠠᠯᠠᠨ ᠡᠭᠦᠳᠬᠦ︾ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-24
     6 ᠰᠠᠷ᠎ᠠ ᠶᠢᠨ 23 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠠᠶᠢᠷᠤᠪ ᠤᠨ ᠲᠣᠬᠤᠢ ᠲᠣᠭᠤᠷᠢᠭ ᠲᠤ ᠭᠦᠨᠵᠡᠭᠡᠶᠢᠷᠡᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠠ ︽ᠬᠤᠤᠰ ᠬᠤᠲᠠ ᠶᠢ ᠬᠤᠯᠪᠣᠭᠠᠯᠠᠨ ᠡᠭᠦᠳᠬᠦ︾ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠤᠳᠤᠷᠢᠳᠤᠯᠭ᠎ᠠ ᠰᠦ᠋ ᠵᠦᠩ ᠱᠧᠩ᠂ ᠵᠢᠶᠠ ᠴᠢᠩ ᠳ᠋ᠦᠩ᠂ ᠡᠤ ᠶᠧ ᠸᠧᠨ ᠬᠠᠮᠲᠤ ᠪᠠᠶᠢᠴᠠᠭᠠᠨ ᠰᠤᠳᠤᠯᠪᠠ᠃      ᠬᠠᠶᠢᠷᠤᠪ ᠤᠨ ᠲᠣᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ᠂ ᠱᠢ ᠸᠠᠨ ᠵᠢᠶᠦ᠋ᠨ ᠲᠥᠪ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠨᠢ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ᠃ ᠣᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠠᠵᠢᠯᠯᠠᠭ᠎ᠠ ᠶᠢᠨ ᠠᠴᠢᠶᠠᠯᠠᠪᠤᠷᠢ ᠶᠢ ᠢᠳᠡᠪᠬᠢᠲᠡᠢ ᠰᠦᠪᠡᠭᠴᠢᠯᠡᠵᠦ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠤᠣᠯ ᠭᠠᠷᠳᠠᠴᠠ ᠪᠣᠯᠭᠠᠵᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠨᠥᠯᠥᠭᠡᠯᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠪᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠵᠡᠷᠭᠡ ᠠᠵᠢᠯ ᠤᠨ ᠣᠷᠭᠠᠨᠢᠭ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠳᠤᠷ ᠬᠠᠩᠭᠠᠵᠤ᠂ ᠣᠯᠠᠨ ᠲᠦᠮᠡᠨ ᠢ ᠤᠬᠠᠭᠤᠯᠤᠨ ᠬᠥᠲᠥᠯᠥᠨ ᠵᠢᠯᠣᠭᠤᠳᠬᠤ᠂ ᠬᠠᠯᠠᠮᠵᠢᠯᠠᠨ ᠦᠢᠯᠡᠴᠢᠯᠡᠬᠦ ᠡᠴᠦᠰ ᠤᠨ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ ᠭᠡᠵᠡᠢ᠃      ᠱᠢ ᠸᠠᠨ ᠵᠢᠶᠦ᠋ᠨ ᠪᠠᠰᠠ ᠤᠷᠢᠳ ᠬᠤᠵᠢᠳ ᠰᠢᠨ ᠴᠢᠶᠣᠤ ᠶᠡᠭᠡ ᠵᠡᠭᠡᠯᠢ ᠶᠢᠨ ᠬᠤᠶᠠᠳᠤᠭᠠᠷ ᠬᠥᠷᠰᠢ ᠰᠠᠭᠠᠬᠠᠯᠲᠠ᠂  ᠴᠢᠩ ᠨᠢᠶᠠᠨ ᠵᠠᠮ ᠤᠨ ᠵᠠᠬ᠎ᠠ ᠳᠡᠯᠭᠡᠭᠦᠷ᠂ ᠳ᠋ᠠᠴᠢᠩ ᠤᠨ ᠡᠮᠦᠨ᠎ᠡ ᠲᠣᠭᠤᠷᠢᠭ ᠪᠣᠯᠤᠨ ᠽᠤᠸᠠᠨ ᠱᠢ ᠠᠭᠤᠳᠠᠮ ᠲᠠᠯᠠᠪᠠᠢ ᠳᠤ ᠬᠦᠷᠴᠦ᠂ ᠪᠠᠶᠢᠰᠢᠩ ᠤᠨ ᠲᠣᠭᠤᠷᠢᠭ ᠪᠣᠯᠤᠨ ᠵᠢᠵᠢᠭ ᠵᠡᠭᠡᠯᠢ ᠭᠤᠳᠤᠮᠵᠢ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠡᠮᠬᠢ ᠵᠢᠷᠤᠮ ᠤᠨ ᠬᠠᠮᠢᠶᠠᠷᠤᠯᠲᠠ ᠪᠣᠯᠤᠨ ᠬᠠᠮᠲᠤ ᠪᠠᠷ ᠳᠠᠭᠠᠭᠠᠴᠢᠯᠠᠨ ᠬᠤᠯᠪᠣᠭᠠᠯᠠᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠡᠶ᠃ ᠡᠭᠦᠨ ᠤ ᠬᠠᠮᠲᠤ ᠰᠠᠭᠤᠭᠠᠯᠢ ᠠᠷᠠᠳ ᠪᠣᠯᠤᠨ ᠬᠤᠳᠠᠯᠳᠤᠭᠠᠨ ᠤ ᠡᠷᠦᠬᠡ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠡᠳᠡᠨ ᠤ ︽ ᠬᠤᠣᠰ ᠬᠤᠲᠠ ᠶᠢ ᠬᠤᠯᠪᠣᠭᠠᠯᠠᠨ ᠡᠭᠦᠳᠬᠦ︾ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠪᠠ ᠃ ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠡᠨᠡ ᠵᠢᠯ ᠪᠣᠯ ᠬᠤᠣᠰ ᠬᠤᠲᠠ ᠶᠢ ᠬᠤᠯᠪᠣᠭᠠᠯᠠᠨ ᠡᠭᠦᠳᠬᠦ ᠠᠵᠢᠯ ᠤᠨ ᠶᠡᠭᠡ ᠰᠢᠯᠭᠠᠯᠲᠠ ᠶᠢᠨ ᠵᠢᠯ ᠪᠣᠯᠤᠨ᠎ᠠ᠃ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠷᠭᠦᠯᠵᠢᠯᠡᠨ ᠨᠡᠮᠡᠭᠳᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠯᠲᠠ ᠪᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠭᠦᠳᠦᠨ ᠪᠠᠶᠢᠭᠤᠯᠬᠤ ᠠᠵᠢᠯ ᠤᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠬᠤᠲᠠ ᠶᠢᠨ ᠬᠥᠭᠵᠢᠯᠲᠡ ᠶᠢᠨ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠬᠠᠭᠤᠴᠢᠨ ᠲᠣᠭᠤᠷᠢᠭ᠂ ᠴᠤᠭᠯᠠᠭ᠎ᠠ ᠮᠠᠶᠢᠮᠠᠶ ᠶᠢᠨ ᠵᠠᠬ᠎ᠠ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠳᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ ᠰᠠᠶᠢᠨ ᠶᠠᠪᠤᠳᠠᠯ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠬᠦᠷᠢᠶᠡᠯᠡᠯ ᠢ ᠣᠯᠵᠤ᠂ ᠪᠦᠬᠦ ᠨᠡᠶᠢᠭᠡᠮ ᠢᠶᠠᠷ ᠢᠶᠠᠨ ᠬᠤᠲᠠ ᠪᠠᠶᠢᠭᠤᠯᠬᠤ ᠠᠵᠢᠯ ᠢ ᠢᠳᠡᠪᠬᠢᠲᠡᠢ ᠳᠠᠮᠵᠢᠵᠤ᠂ ᠥᠷᠭᠡᠨ ᠢᠶᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠨᠡᠶᠢᠭᠡᠮ ᠤᠨ ᠵᠠᠰᠠᠯᠲᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠠᠯᠲᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠦᠨ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号