ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 12 ᠳ᠋ᠤᠭᠠᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-24
     6 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠤᠳᠠ  ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 12 ᠳ᠋ᠤᠭᠠᠷ ᠣᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ ᠹᠸᠢ ᠶᠦᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠢᠷᠭᠡᠨ ᠤ ᠬᠠᠤᠯᠢ ᠶᠢᠨ ᠪᠢᠴᠢᠭ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠳᠠᠬᠢ ᠴᠢᠬᠤᠯᠠ ᠪᠠᠶᠢᠷᠢ ᠰᠠᠭᠤᠷᠢ ᠶᠢ ᠬᠦᠢᠴᠡᠳ ᠲᠠᠨᠢᠵᠤ᠂ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠨ ᠤᠬᠠᠭᠤᠯᠵᠤ ᠬᠡᠷᠡᠭᠵᠢᠭᠦᠯᠬᠦ ᠶᠢ ᠬᠠᠤᠯᠢᠵᠢᠯ ᠤᠨ ᠦᠬᠠᠶ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠪᠣᠯᠭᠠᠬᠤ ᠬᠡᠷᠡᠭᠲᠡᠶ᠃ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠰᠤᠷᠤᠯᠴᠠᠯᠭ᠎ᠠ ᠪᠠᠨ ᠦᠷᠭᠦᠯᠵᠢᠯᠡᠨ ᠭᠦᠨᠵᠡᠭᠡᠶ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠷᠭᠡᠨ ᠤ ᠬᠠᠤᠯᠢ ᠶᠢᠨ ᠪᠢᠴᠢᠭ ᠢ ᠲᠦᠷᠦᠭᠦᠯᠡᠨ ᠰᠤᠷᠤᠯᠴᠠᠨ ᠬᠡᠷᠡᠭᠯᠡᠵᠦ᠂ ᠪᠥᠬᠦ ᠬᠤᠲᠠ ᠶᠢ ᠳᠠᠶᠢᠴᠢᠯᠠᠨ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠨ ᠬᠠᠤᠯᠢ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠨ ᠳᠡᠯᠭᠡᠷᠡᠩᠭᠦᠶ ᠦᠷᠨᠢᠬᠦᠯᠵᠦ᠂ ᠢᠷᠭᠡᠨ ᠤ ᠬᠠᠤᠯᠢ ᠶᠢᠨ ᠪᠢᠴᠢᠭ ᠢ ᠦᠨᠡᠨ ᠬᠦ ᠤᠯᠠᠨ ᠲᠦᠮᠡᠨ ᠤ ᠳᠡᠷᠭᠡᠳᠡ ᠣᠴᠢᠭᠤᠯᠵᠤ᠂ ᠤᠯᠠᠨ ᠲᠦᠮᠡᠨ ᠤ ᠠᠮᠢᠳᠤᠷᠠᠯ ᠳᠤ ᠣᠷᠣᠭᠤᠯᠬᠤ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠦᠲᠦᠮᠵᠢᠲᠡᠶ ᠰᠠᠶᠢᠲᠤᠷ ᠠᠳᠬᠤᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠢᠷᠭᠡᠨ ᠤ ᠬᠠᠤᠯᠢ ᠶᠢᠨ ᠪᠢᠴᠢᠭ ᠤᠨ ᠡᠷᠬᠡ ᠰᠦᠷ ᠢ ᠬᠠᠮᠠᠭᠠᠯᠠᠵᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ 6 ᠰᠠᠷ᠎ᠠ ᠶᠢᠨ 18 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠠᠯᠠᠱᠠ ᠠᠶᠢᠮᠠᠭ ᠪᠣᠯᠤᠨ ᠦᠬᠠᠶ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠳᠠᠬᠢᠨᠲᠠ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ 6 ᠰᠠᠷ᠎ᠠ ᠶᠢᠨ 21 ᠤ ᠡᠳᠦᠷ᠂ 22 ᠤᠨ ᠡᠳᠦᠷ ᠮᠠᠨ ᠤ ᠬᠤᠲᠠ ᠳᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ  ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠳᠠᠭᠠᠭᠠᠴᠢᠯᠠᠨ ᠬᠤᠯᠪᠣᠭᠠᠯᠠᠨ ᠬᠢᠨᠠᠨ ᠵᠢᠯᠣᠭᠤᠳᠬᠤ ᠲᠤᠬᠠᠶ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠣᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠬᠠᠷᠢᠭᠤᠴᠠᠬᠤ ᠢᠯᠡ ᠲᠣᠳᠣ ᠣᠪᠣᠷ ᠢᠶᠠᠷ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠡᠰ ᠰᠢᠭᠤᠷᠬᠠᠢ ᠠᠵᠢᠯᠯᠠᠭ᠎ᠠ ᠪᠣᠯᠤᠨ ᠪᠣᠳᠠᠲᠠᠢ ᠪᠠᠶᠢᠯᠳᠤᠭᠠᠨ ᠤ ᠦᠷ᠎ᠡ ᠪᠦᠲᠦᠭᠡᠯ ᠢᠶᠠᠷ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ᠃ ᠵᠣᠷᠢᠭᠲᠠᠢ ᠪᠠᠷ ᠦᠨᠡᠨ ᠢ ᠪᠠᠷᠢᠮᠲᠠᠯᠠᠨ ᠬᠠᠲᠠᠭᠤ ᠲᠠᠢ ᠬᠠᠯᠳᠠᠵᠤ᠂ ᠲᠦᠷᠪᠡᠨ ᠲᠦᠷᠦᠯ ᠤᠨ ᠲᠤᠪᠤᠶᠢᠮ᠎ᠠ ᠠᠰᠠᠭᠤᠳᠠᠯ ᠳᠤ ᠤᠨᠢᠨ ᠳᠡᠭᠡᠷ᠎ᠡ ᠨᠢ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠠᠭᠤᠳᠠᠯᠵᠤ ᠲᠦᠢᠯᠪᠤᠷᠢᠲᠠᠢ ᠪᠠᠶᠢᠴᠠᠭᠠᠬᠤ ᠳᠡᠭᠡᠷ᠎ᠡ ᠬᠦᠴᠦ ᠣᠷᠣᠭᠤᠯᠵᠤ᠂ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠤᠨ ᠠᠷᠤ ᠳᠠᠬᠢ ᠠᠰᠠᠭᠤᠳᠠᠯ ᠢ ᠦᠨᠡᠨ ᠬᠦ ᠮᠠᠯᠲᠠᠨ ᠭᠠᠷᠭᠠᠵᠤ᠂ ᠪᠠᠶᠢᠴᠠᠭᠠᠨ ᠲᠣᠳᠣᠷᠬᠠᠶᠢᠯᠠᠬᠤ ᠬᠡᠷᠡᠭᠳᠡᠢ᠃ ︽ᠬᠤᠷᠴᠠ ᠰᠡᠯᠡᠮ᠎ᠡ︾ ᠶᠢᠨ ᠵᠣᠷᠢᠭ ᠰᠠᠨᠠᠭ᠎ᠠ ᠶᠢ ᠦᠨᠡᠨᠬᠦ ᠪᠠᠳᠠᠷᠠᠭᠤᠯᠵᠤ᠂ ᠵᠠᠷᠴᠢᠮ ᠢ ᠪᠠᠷᠢᠮᠲᠠᠯᠠᠵᠤ᠂ ᠵᠤᠭᠰᠣᠯᠳᠠ ᠪᠠᠨ ᠪᠠᠲᠤᠳᠬᠠᠵᠤ᠂ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠭᠢᠴᠢᠯᠠᠯᠳᠠ ᠶᠢᠨ ᠲᠤᠷᠰᠢᠯᠲᠠ ᠶᠢᠨ ᠠᠵᠢᠯ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠳᠠ ᠶᠢᠨ ᠬᠤᠯᠪᠣᠭᠳᠠᠯ ᠪᠦᠬᠦᠢ ᠪᠢᠴᠢᠭ ᠮᠠᠲᠧᠷᠢᠶᠠᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭ᠎ᠠ ᠵᠢᠷᠣᠮᠯᠠᠵᠤ᠂ ᠮᠠᠨ ᠤ ᠬᠤᠲᠠ ᠶᠢᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠡᠯ᠎ᠡ ᠲᠥᠷᠥᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号