ᠬᠤᠲᠠ ᠶᠢᠨ ᠤᠳᠤᠷᠢᠳᠤᠯᠭ᠎ᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠣᠷᠢᠯᠠᠪᠠ
ᠨᠡᠶᠢᠲᠡᠯᠡᠭᠰᠡᠨ ᠴᠠᠭ᠄
2020-06-28
     6 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠬᠡᠯᠳᠡᠰ ᠤᠨ ᠳᠠᠷᠤᠭ᠎ᠠ ᠵᠢᠶᠠ ᠴᠢᠩ ᠳ᠋ᠦᠩ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠪᠠᠯᠭᠠᠰᠤ ᠶᠢᠨ ᠰᠢᠨ ᠳ᠋ᠢ ᠲᠣᠰᠬᠤᠨ ᠳᠤ ᠭᠦᠨᠵᠡᠭᠡᠶᠢᠷᠡᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠡᠲᠡᠭᠡᠳ ᠢ ᠰᠤᠷᠪᠤᠯᠵᠢᠯᠠᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠵᠢᠶᠠ ᠴᠢᠩ ᠳ᠋ᠦᠩ ᠲᠤᠰ ᠪᠡᠶ᠎ᠡ ᠶᠢᠨ ᠰᠤᠷᠤᠯᠴᠠᠯᠭ᠎ᠠ ᠰᠣᠳᠣᠯᠭᠠᠨ ᠲᠠᠢ ᠪᠠᠨ ᠤᠶᠠᠯᠳᠤᠭᠤᠯᠤᠨ᠂ ᠪᠦᠬᠦ ᠤᠯᠤᠰ ᠤᠨ ᠬᠤᠶᠠᠷ ᠬᠤᠷᠠᠯ ᠤᠨ ᠲᠦᠢᠮᠣ ᠪᠠᠶᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠣᠯᠠᠮᠵᠢᠯᠠᠭᠰᠠᠨ ᠮᠦᠷᠳᠡᠭᠡᠨ ᠨᠠᠷᠢᠨ ᠬᠢᠨᠠᠮᠠᠭᠠᠢ ᠲᠠᠶᠢᠯᠪᠤᠷᠢᠯᠠᠪᠠ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠠᠷᠠᠳ ᠲᠦᠮᠡᠨ ᠢ ᠰᠡᠳᠬᠢᠯ ᠤᠨ ᠬᠠᠮᠤᠭ ᠤᠨ ᠥᠨᠳᠥᠷ ᠪᠠᠶᠢᠷᠢᠨ ᠳᠤ ᠲᠠᠯᠪᠢᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠲᠣᠰᠬᠤᠨ ᠤ ᠲᠦᠷᠢᠮ ᠠᠷᠠᠳ ᠤᠨ ᠭᠡᠷ᠎ᠡ ᠶᠢ ᠰᠠᠶᠢᠲᠤᠷ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ︔ ᠬᠥᠳᠡᠭᠡ ᠲᠣᠰᠬᠤᠨ ᠤ ᠪᠦᠬᠦᠯᠢ ᠴᠣᠭᠴᠠ ᠶᠢᠨ ᠠᠵᠤ ᠠᠬᠤᠢ ᠶᠢᠨ ᠬᠥᠭᠵᠢᠯᠲᠡ ᠪᠣᠯᠤᠨ ᠲᠣᠰᠬᠤᠨ ᠤ ᠠᠷᠠᠳ ᠤᠨ ᠪᠦᠬᠦᠯᠢ ᠴᠤᠭᠴᠠ ᠶᠢᠨ ᠣᠷᠣᠯᠭ᠎ᠠ ᠶᠢᠨ ᠳᠡᠭᠡᠭᠰᠢᠯᠡᠯᠲᠡ ᠳᠤ ᠠᠩᠬᠠᠷᠤᠯ ᠲᠠᠯᠪᠢᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠤ ᠦᠢᠯᠡᠳᠦᠯ ᠢ ᠪᠠᠳᠠᠷᠠᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠤᠷᠤᠯᠴᠠᠭᠤᠯᠵᠤ᠂ ᠲᠣᠰᠬᠤᠨ ᠤ ᠰᠤᠷᠲᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠲᠠᠭᠠᠭᠤᠯᠬᠤ ᠬᠡᠷᠡᠭᠳᠡᠢ ᠬᠡᠵᠡᠢ᠃      ᠤᠬᠠᠭᠤᠯᠤᠨ ᠲᠠᠶᠢᠯᠪᠤᠷᠢᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠵᠢᠶᠠ ᠴᠢᠩ ᠳ᠋ᠦᠩ ᠰᠢᠨ ᠳ᠋ᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠪᠠᠶᠠᠬᠤᠰᠣ ᠲᠣᠰᠬᠤᠨ ᠤ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠡᠲᠡᠭᠡᠳ ᠵᠣᠤ ᠽᠢ ᠴᠢᠩ ᠤᠨ ᠭᠡᠷ ᠲᠤ ᠣᠴᠢᠵᠠᠶ᠃ ᠵᠣᠤ ᠽᠢ ᠴᠢᠩ ᠤᠨ ᠪᠡᠶ᠎ᠡ ᠮᠠᠬᠠᠪᠣᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠤᠨ ᠶᠠᠳᠠᠭᠤ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠵᠤ᠂ ᠵᠣᠤ ᠽᠢ ᠴᠢᠩ ᠤᠨ ᠬᠠᠪᠰᠤᠷᠤᠨ ᠲᠡᠳᠬᠦᠬᠦ ᠵᠢᠭᠡᠯᠡᠯᠭᠡ ᠵᠡᠷᠭᠡ ᠪᠣᠳᠠᠲᠠᠶ ᠠᠰᠠᠭᠤᠳᠠᠯ ᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠥᠭᠴᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号