ᠬᠤᠲᠠ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠲᠤᠭᠤᠶᠢᠯᠠᠩ ᠤᠨ ᠬᠤᠶᠠᠳᠤᠭᠠᠷ ᠤᠳᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-28
     6 ᠰᠠᠷ᠎ᠠ ᠶᠢᠨ 24 ᠤ ᠡᠳᠦᠷ᠂ ᠬᠤᠲᠠ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠲᠤᠭᠤᠶᠢᠯᠠᠩ ᠤᠨ 2020 ᠣᠨ ᠤ ᠬᠤᠶᠠᠳᠤᠭᠠᠷ ᠤᠳᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠬᠡᠯᠳᠡᠰ  ᠤᠨ ᠳᠠᠷᠤᠭ᠎ᠠ᠂ ᠬᠤᠲᠠ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠳᠠᠷᠤᠭ᠎ᠠ ᠵᠢᠶᠠ ᠴᠢᠩ ᠳ᠋ᠦᠩ᠂ ᠳᠡᠳ᠋ ᠬᠤᠲᠠ ᠶᠢᠨ ᠳᠠᠷᠤᠭ᠎ᠠ᠂ ᠬᠤᠲᠠ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠳᠡᠳ᠋ ᠳᠠᠷᠤᠭ᠎ᠠ ᠡᠤ ᠶᠧ ᠸᠧᠨ ᠬᠤᠷᠠᠯ ᠳᠤ ᠣᠷᠣᠯᠴᠠᠵᠠᠶ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠲᠤᠭᠤᠶᠢᠯᠠᠩ ᠤᠨ 26 ᠳ᠋ᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠡᠯ᠎ᠡ ᠬᠠᠷᠢᠭᠤᠴᠠᠯᠭᠠᠲᠤ ᠨᠢᠭᠡᠴᠡ ᠶᠢᠨ ᠬᠠᠷᠢᠭᠤᠴᠠᠯᠭᠠᠲᠠᠨ ᠠᠴᠠ ︽2020 ᠣᠨ ᠤ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠭᠤᠤᠯᠳᠠᠯᠭ᠎ᠠ︾ ᠳᠤ ᠡᠭᠦᠷᠭᠡᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠬᠦᠰ ᠠᠮᠵᠢᠯᠳᠠ ᠣᠯᠬᠤ ᠵᠢᠯ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠳᠦᠷᠢᠮ ᠤᠨ ᠪᠠᠶᠢᠭᠤᠯᠤᠯᠲᠠ ᠭᠡᠬᠦ ᠭᠤᠤᠯ ᠰᠢᠵᠢᠮ ᠢ ᠪᠠᠲᠤ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠣᠳᠣᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠲᠠᠪᠤᠨ ᠣᠷᠣᠨ ᠤ ᠪᠦᠲᠦᠭᠡᠨ ᠪᠠᠶᠢᠭᠤᠯᠤᠯᠲᠠ ᠵᠡᠷᠭᠡ ᠭᠤᠤᠯ ᠠᠵᠢᠯ ᠤᠨ ᠲᠣᠭᠤᠷᠢᠨ ᠳᠤ ᠨᠢᠭᠡ ᠪᠦᠯᠦᠭ ᠦᠷ᠎ᠡ ᠪᠦᠲᠦᠮᠵᠢ ᠣᠯᠬᠤ ᠨᠢ ᠲᠦᠷᠭᠡᠨ᠂ ᠣᠨᠣᠴᠢᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠥᠭᠡᠷᠡᠴᠢᠯᠡᠯᠲᠡ  ᠶᠢᠨ ᠰᠢᠰᠲ᠋ᠧᠮ ᠤᠨ ᠬᠤᠷᠠᠮᠳᠤᠯ᠂ ᠥᠨᠳᠥᠷ ᠦᠷ᠎ᠡ ᠪᠦᠲᠦᠮᠵᠢᠲᠡᠶ ᠲᠠᠢ ᠬᠠᠮᠵᠢᠯᠴᠠᠬᠤ ᠶᠢ ᠠᠭᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠷᠢᠭᠤᠴᠠᠯᠭᠠᠲᠤ ᠨᠢᠭᠡᠴᠡ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠪᠠᠶᠢᠭᠤᠯᠤᠯᠲᠠ᠂ ᠬᠤᠲᠠ ᠶᠢᠨ ᠱᠠᠲᠤᠨ ᠤ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ᠂ ᠰᠣᠶᠣᠯ ᠤᠷᠠᠯᠢᠭ ᠤᠨ ᠴᠡᠴᠡᠭᠯᠡᠨ ᠬᠥᠭᠵᠢᠬᠦ ᠶᠢ ᠲᠦᠷᠭᠡᠳᠭᠡᠨ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠣᠳᠣ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠬᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠪᠠᠶᠢᠭᠤᠯᠵᠤ᠂ ᠪᠦᠬᠦ ᠠᠷᠠᠳ ᠤᠨ ᠨᠣᠮ ᠤᠩᠰᠢᠬᠤ ᠂ ᠨᠣᠮ ᠤᠨ ᠰᠠᠩ ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠵᠡᠷᠭᠡ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠬᠡᠷᠡᠭᠵᠢᠬᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠣᠯᠠᠨ ᠲᠦᠮᠡᠨ ᠲᠠᠢ ᠣᠶᠢᠷᠠᠲᠤᠭᠤᠯᠵᠤ᠂ ᠪᠣᠳᠠᠲᠤ ᠦᠷ᠎ᠡ ᠪᠦᠲᠦᠮᠵᠢ ᠲᠠᠢ ᠪᠤᠯᠭᠠᠬᠤ ᠬᠡᠷᠡᠭᠳᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠮᠥᠷᠲᠡᠭᠡᠨ ᠪᠠᠰᠠ ᠬᠠᠷᠢᠯᠴᠠᠨ ᠬᠠᠮᠵᠢᠯᠴᠠᠵᠤ᠂ ᠥᠭᠡᠷᠡᠴᠢᠯᠡᠯᠲᠡ ᠶᠢᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠦᠭᠡᠷᠡᠴᠢᠯᠡᠯᠳᠡ ᠶᠢᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号