ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳᠠᠩ ᠢ ᠬᠠᠶᠢᠨᠠᠨ ᠲᠣᠭᠤᠷᠢᠭ ᠲᠤ ᠬᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-28
     6 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠬᠠᠶᠢᠨᠠᠨ ᠲᠣᠭᠤᠷᠢᠭ ᠲᠤ ᠬᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠲᠤᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠲᠡᠷᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠨᠠᠷ ᠴᠢᠨᠰᠠᠭ᠎ᠠ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠲᠠᠷᠢᠶᠠᠯᠠᠩ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠨᠡᠩ ᠶᠡᠭᠡ ᠠᠬᠢᠴᠠ ᠲᠠᠢ ᠪᠣᠯᠭᠠᠬᠤ ᠶᠢ ᠠᠬᠢᠭᠤᠯᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃      ᠳᠡᠳ᠋ ᠬᠤᠲᠠ ᠶᠢᠨ ᠳᠠᠷᠤᠭ᠎ᠠ ᠯᠢᠦ ᠰᠣ᠋ ᠬᠤᠩ ᠬᠠᠮᠲᠤ ᠪᠠᠶᠢᠴᠠᠭᠠᠨ ᠰᠤᠳᠤᠯᠪᠡ᠃      ᠳᠠᠩ ᠢ ᠨᠡᠷ ᠰᠠᠶᠢᠬᠠᠬᠤᠰᠣ ᠲᠣᠰᠬᠤᠨ ᠤ ᠬᠠᠳᠤᠨ ᠭᠤᠤᠯ ᠤᠨ ᠲᠣᠰᠬᠤᠨ ᠤ ᠠᠷᠠᠳ ᠤᠨ ᠳᠤᠭᠤᠶᠢᠯᠠᠩ ᠳᠤ ᠬᠦᠷᠴᠦ᠂ ᠪᠣᠬᠢᠷ ᠤᠰᠤ ᠶᠢ ᠰᠢᠢᠳᠪᠦᠷᠢᠯᠡᠭᠰᠡᠨ ᠪᠠ ᠡᠷᠦᠬᠡ ᠶᠢᠨ ᠵᠣᠷᠯᠣᠩ ᠢ ᠥᠭᠡᠷᠡᠴᠢᠯᠡᠭᠰᠡᠨ ᠪᠠᠶᠢᠳᠠᠯ ᠢ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠵᠦ᠂ ᠪᠣᠬᠢᠷ ᠤᠰᠤ ᠰᠢᠢᠳᠪᠦᠷᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠵᠠᠭᠪᠤᠷ᠂ ᠪᠡᠯᠡ ᠮᠦᠩᠬᠦ ᠶᠢᠨ ᠣᠷᠣᠭᠤᠯᠤᠯᠲᠠ᠂ ᠮᠡᠷᠭᠡᠵᠢᠯ ᠤᠨ ᠬᠡᠷᠡᠭᠯᠡᠯᠲᠡ ᠵᠡᠷᠭᠡ ᠶᠢ ᠨᠠᠷᠢᠨ ᠠᠰᠠᠭᠤᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠰᠣᠷᠪᠤᠯᠵᠢᠯᠠᠵᠤ᠂ ᠣᠯᠠᠨ ᠣᠯᠠᠨ ᠤ ᠵᠣᠷᠯᠣᠩ ᠢ ᠥᠭᠡᠷᠡᠴᠢᠯᠡᠬᠦ ᠠᠵᠢᠯ ᠤᠨ ᠲᠤᠬᠠᠶ ᠬᠦᠰᠡᠯ ᠪᠤᠳᠤᠯ ᠢ ᠰᠣᠨᠣᠰᠪᠠ᠃ ᠲᠡᠷᠡ ᠵᠢᠭᠠᠵᠤ ᠭᠠᠷᠭᠠᠭᠰᠠᠨ ᠨᠢ᠂ ︽ᠵᠣᠷᠯᠣᠩ ᠤᠨ ᠬᠤᠪᠢᠰᠬᠠᠯ︾ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠲᠤᠯᠭ᠎ᠠ ᠶᠢᠨ ᠴᠢᠬᠤᠯᠠ ᠠᠭᠤᠯᠭ᠎ᠠ ᠮᠥᠨ᠂ ᠲᠠᠷᠢᠶᠠᠯᠠᠬᠤ ᠣᠷᠣᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠡᠷᠬᠡᠪᠰᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠪᠤᠳᠠᠳᠠᠢ ᠠᠳᠬᠤᠵᠤ ᠦᠷ᠎ᠡ ᠪᠦᠲᠦᠮᠵᠢ ᠭᠠᠷᠭᠠᠵᠤ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠬᠡᠷᠡᠭᠳᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠣᠰᠬᠤᠨ ᠤ ᠪᠠᠶᠢᠳᠠᠯ ᠳᠤᠨᠢ ᠲᠤᠬᠢᠷᠠᠭᠤᠯᠵᠤ᠂ ᠡᠷᠦᠬᠡ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠤ᠂ ᠠᠶᠢᠯ ᠲᠣᠰᠬᠤᠨ ᠤ ᠪᠠᠶᠢᠷᠢᠰᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠵᠣᠷᠯᠣᠩ ᠢ ᠥᠭᠡᠷᠡᠴᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠶ᠃ ᠬᠥᠳᠡᠭᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠵᠢᠴᠢ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠲᠠᠰᠣᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃      ᠱᠣ᠋ ᠭᠤᠸᠠᠩ ᠲᠣᠰᠬᠤᠨ ᠪᠤᠯᠤᠨ ᠳ᠋ᠦᠺᠸᠤ ᠲᠣᠰᠬᠤᠨ ᠳᠤ ᠲᠠᠩ ᠢ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠪᠠ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠵᠢ ᠪᠥᠷᠢᠳᠦᠭᠦᠯᠦᠨ ᠦᠭᠡᠷᠡᠴᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠡᠵᠡᠩᠨᠡᠯᠲᠡ ᠶᠢᠨ ᠵᠠᠭᠪᠤᠷ᠂ ᠮᠡᠷᠭᠡᠵᠢᠯ ᠤᠨ ᠠᠷᠭ᠎ᠠ ᠪᠠᠷᠢᠯ᠂ ᠠᠵᠤ ᠠᠬᠤᠶ ᠶᠢᠨ ᠦᠷ᠎ᠡ ᠠᠰᠢᠭ ᠵᠡᠷᠭᠡ ᠶᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠲᠤᠤᠱᠯᠠᠭᠤᠯᠵᠤ᠂ ᠠᠵᠤ ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠶᠢ ᠤᠶᠠᠯᠳᠤᠭᠤᠯᠵᠤ᠂ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠥᠨᠳᠥᠷ ᠪᠦᠲᠦᠮᠵᠢᠲᠡᠶ ᠲᠥᠬᠦᠭᠡᠷᠦᠮᠵᠢᠲᠦ ᠲᠠᠷᠢᠶᠠᠯᠠᠩ ᠪᠣᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠭᠠᠵᠠᠷ ᠰᠢᠷᠣᠶ ᠶᠢᠨ ᠬᠠᠮᠤᠭ ᠤᠨ ᠶᠡᠭᠡ ᠠᠵᠤ ᠠᠬᠤᠶ ᠶᠢᠨ ᠦᠷ᠎ᠡ ᠠᠰᠢᠭ ᠢ ᠪᠠᠳᠠᠷᠠᠭᠤᠯᠵᠤ᠂ ᠡᠷᠭᠢᠨ ᠲᠣᠭᠤᠷᠢᠨ ᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠠᠵᠢᠯ ᠣᠯᠭᠤᠬᠤ ᠶᠢ ᠳᠠᠶᠢᠴᠢᠯᠠᠨ᠂ ᠡᠷᠭᠢᠨ ᠲᠤᠭᠤᠷᠢᠨ ᠤ ᠲᠠᠷᠢᠶᠠᠴᠢᠨ ᠡᠷᠦᠬᠡ ᠶᠢᠨ ᠲᠠᠷᠢᠶᠠᠯᠠᠬᠤ ᠢᠳᠡᠪᠬᠢᠵᠢᠯ ᠢ ᠳᠠᠶᠢᠴᠢᠯᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠳᠡᠢ ᠬᠡᠵᠡᠢ᠃      ᠳᠠᠷᠠᠭ᠎ᠠ ᠨᠢ᠂ ᠲᠠᠩ ᠢ ᠲᠠᠩᠰᠠᠯᠠᠵᠤ ᠺᠠᠷᠲᠯᠠᠭᠰᠠᠨ ᠬᠠᠪᠰᠣᠷᠣᠨ ᠲᠡᠳᠭᠦᠬᠦ ᠡᠳᠡᠭᠡᠳ ᠵᠠᠩ ᡁᠢ ᠸᠧᠨ ᠤ ᠭᠡᠷ ᠢ ᠪᠣᠯᠭᠤᠭᠠᠨ ᠲᠣᠬᠤᠨᠢᠭᠤᠯᠵᠤ᠂ ᠣᠷᠣᠯᠭ᠎ᠠ ᠶᠢᠨ ᠢᠷᠡᠯᠲᠡ᠂ ᠦᠢᠯᠡᠳᠪᠦᠷᠢᠯᠡᠯ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠵᠡᠷᠭᠡ ᠶᠢ ᠨᠢ ᠬᠠᠯᠠᠮᠵᠢᠯᠠᠨ ᠠᠰᠠᠭᠤᠵᠤ᠂ ᠬᠦᠷᠢᠶ᠎ᠡ ᠬᠠᠰᠢᠶ᠎ᠠ᠂ ᠦᠬᠡᠷ ᠤᠨ ᠬᠠᠰᠢᠶ᠎ᠠ ᠶᠢ ᠨᠠᠷᠢᠨ ᠠᠵᠢᠭᠯᠠᠵᠤ᠂ ᠵᠠᠩ ᡁᠢ ᠸᠧᠨ ᠤ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠦᠷᠭᠦᠯᠵᠢᠯᠡᠨ ᠪᠡᠶᠡᠯᠡᠭᠦᠯᠵᠦ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠬᠡᠷᠡᠭᠳᠡᠢ ᠬᠡᠵᠦ ᠵᠤᠷᠢᠭᠵᠢᠭᠤᠯᠪᠠ᠃ ᠳᠠᠩ ᠢ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠪᠠᠭᠤᠷᠠᠶ ᠭᠤᠭᠴᠤᠭ᠎ᠠ ᠪᠠᠨ ᠳᠠᠬᠢᠨ ᠵᠢᠭᠰᠠᠭᠠᠨ ᠪᠠᠶᠢᠴᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠳᠠᠬᠢᠨ ᠨᠠᠷᠢᠯᠢᠭᠵᠢᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠨ ᠲᠡᠮᠡᠴᠡᠵᠦ᠂ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠳᠡᠢ ᠬᠡᠵᠡᠢ᠃ ᠲᠠᠩ ᠢ ᠪᠠᠰᠠ ᠸᠠᠨ ᠮᠦ ᠲᠠᠨ ᠲᠣᠰᠬᠤᠨ ᠤ ︽ᠲᠠᠷᠢᠶᠠᠯᠠᠩ ᠤᠨ ᠲᠠᠯᠠᠪᠠᠢ ᠶᠢᠨ ᠳᠤᠷᠠᠰᠤᠮᠵᠢ︾ ᠶᠢᠨ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号