ᠬᠠᠶᠢᠷᠤᠪ ᠤᠨ ᠲᠣᠬᠤᠢ ᠲᠣᠭᠤᠷᠢᠭ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-29
     6 ᠰᠠᠷ᠎ᠠ ᠶᠢᠨ 23 ᠤ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠦᠬᠦ ᠲᠤᠭᠤᠷᠢᠭ ᠤᠨ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠢᠷᠡᠯ ᠪᠠ ᠰᠤᠷᠲᠠᠯ ᠤᠨ ᠠᠰᠠᠭᠤᠳᠠᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠣᠭᠤᠯᠵᠣ᠂ ᠲᠤᠭᠤᠷᠢᠭ ᠤᠨ ᠶᠠᠳᠠᠭᠤ ᠶᠢ ᠲᠡᠳᠬᠦᠬᠦ ᠬᠦᠷᠢᠶᠡᠨ ᠳᠠᠬᠢ ᠠᠵᠢᠯ ᠲᠦᠷᠦᠯ ᠤᠨ ᠰᠠᠯᠠᠭ᠎ᠠ ᠮᠥᠴᠢᠷ᠂ ᠶᠠᠳᠠᠭᠤ ᠶᠢ ᠲᠡᠳᠬᠦᠬᠦ ᠬᠦᠷᠢᠶᠡᠨ ᠳᠤ ᠬᠤᠯᠪᠣᠭᠳᠠᠭᠰᠠᠨ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠦᠷᠢᠯᠳᠦᠬᠦᠨ᠂ ᠶᠠᠳᠠᠭᠤ ᠶᠢ ᠲᠡᠳᠬᠦᠬᠦ ᠠᠵᠢᠯ ᠤᠨ ᠬᠠᠷᠢᠭᠤᠴᠠᠯᠭᠠᠳᠠᠨ ᠵᠢᠴᠢ ᠶᠠᠳᠠᠭᠤ ᠶᠢ ᠲᠡᠳᠬᠦᠬᠦ ᠲᠤᠰᠬᠠᠶ ᠺᠠᠳ᠋ᠷ ᠵᠡᠷᠭᠡ 70 ᠭᠠᠷᠤᠶ ᠬᠥᠮᠦᠨ ᠬᠤᠷᠠᠯ ᠳᠤ ᠣᠷᠣᠯᠴᠠᠵᠠᠶ᠃

     ᠬᠤᠷᠠᠯ ᠳᠡᠭᠡᠷ᠎ᠡ᠂ ᠤᠯᠠᠨ ᠢᠶᠠᠷ ᠢᠶᠠᠨ ᠬᠠᠮᠲᠤ ᠪᠠᠷ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠢᠷᠡᠯ ᠪᠣᠯᠤᠨ

ᠰᠣᠷᠳᠠᠯ ᠤᠨ ᠠᠰᠠᠭᠤᠳᠠᠯ ᠤᠨ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ᠂ ᠶᠠᠳᠠᠭᠤ ᠶᠢ ᠲᠡᠳᠬᠦᠬᠦ ᠬᠦᠷᠢᠶᠡᠨ ᠤ ᠵᠥᠪ

ᠲᠠᠯ᠎ᠠ ᠶᠢᠨ ᠤᠬᠠᠭᠤᠯᠭ᠎ᠠ ᠶᠢᠨ ᠲᠤᠰᠬᠠᠢ ᠰᠡᠳᠦᠪᠲᠦ ᠹᠢᠯᠢᠮ ᠢ ᠦᠵᠡᠵᠡᠢ᠃ ᠬᠡᠷᠡᠭ ᠤᠨ ᠵᠢᠱᠢᠶ᠎ᠡ ᠶᠢᠨ ᠳᠣᠲᠣᠷᠠᠬᠢ

ᠵᠠᠷᠢᠮ ᠨᠢ ᠶᠠᠳᠠᠭᠤ ᠶᠢ ᠲᠡᠳᠬᠦᠬᠦ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠲᠤ ᠡᠭᠦᠰᠴᠦ᠂ ᠵᠠᠷᠢᠮ ᠨᠢ ᠦᠨᠳᠦᠰᠦᠨ

ᠱᠠᠲᠤᠨ ᠤ ᠪᠠᠯᠭᠠᠰᠣ ᠵᠡᠭᠡᠯᠢ ᠭᠤᠳᠤᠮᠵᠢ ᠲᠣᠰᠬᠤᠨ ᠨᠡᠶᠢᠭᠡᠮ ᠲᠣᠭᠤᠷᠢᠭ ᠲᠤ ᠡᠭᠦᠰᠴᠦ᠂ ᠬᠤᠯᠪᠣᠭᠳᠠᠬᠤ

ᠬᠡᠪᠴᠢᠶ᠎ᠡ ᠨᠢ ᠥᠷᠭᠡᠨ᠂ ᠨᠡᠶᠢᠭᠡᠮ ᠤᠨ ᠨᠥᠯᠥᠭᠡ ᠮᠠᠭᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ

ᠠᠷᠭ᠎ᠠ ᠪᠠᠷᠢᠯ ᠨᠢ ᠣᠯᠠᠨ ᠶᠠᠩᠵᠤ ᠶᠢᠨ ᠪᠠᠶᠢᠵᠤ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠵᠤ᠂

ᠰᠠᠬᠢᠨ ᠬᠠᠮᠠᠭᠠᠯᠠᠵᠤ ᠥᠪᠡᠷᠲᠡᠭᠡᠨ ᠬᠤᠯᠠᠭᠠᠶᠢᠯᠠᠬᠤ᠂ ᠬᠠᠤᠯᠢ ᠰᠠᠬᠢᠯᠭ᠎ᠠ ᠠᠴᠠ ᠥᠴᠦᠬᠡᠨ ᠴᠦ ᠠᠶᠤᠬᠤ ᠦᠭᠡᠢ᠂

ᠶᠠᠳᠠᠭᠤ ᠠᠴᠠ ᠠᠩᠭᠢᠵᠢᠷᠠᠭᠤᠯᠬᠤ ᠬᠠᠪᠰᠤᠷᠤᠨ ᠲᠡᠳᠬᠦᠬᠦ ᠶᠢ ᠠᠰᠢᠭᠯᠠᠨ ᠶᠡᠭᠡ ᠪᠠᠷ ᠠᠰᠢᠭ ᠣᠯᠵᠤ᠂ ᠤᠯᠠᠨ

ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠵᠤ᠂ ᠶᠠᠳᠠᠭᠤ ᠶᠢ ᠲᠡᠳᠬᠦᠬᠦ ᠦᠷ᠎ᠡ

ᠪᠦᠲᠦᠮᠵᠢ ᠶᠢ ᠨᠦᠯᠦᠭᠡᠯᠡᠭᠰᠡᠨ ᠪᠠᠶᠢᠨ᠎ᠠ᠃

     ᠬᠤᠷᠠᠯ ᠳᠤ ᠣᠷᠣᠯᠴᠠᠭᠰᠠᠨ ᠺᠠᠳ᠋ᠷ ᠠᠵᠢᠯᠲᠠᠨ ᠢᠡᠯᠷᠭᠡᠶᠢᠯᠡᠵᠡᠭᠡᠭᠰᠡᠨ ᠨᠢ᠂ ᠡᠨᠡ ᠤᠳᠠᠭᠠᠨ ᠤ ᠰᠡᠷᠡᠮᠵᠢᠯᠡᠭᠦᠯᠬᠦ

ᠬᠥᠮᠦᠵᠢᠯ ᠤᠨ ᠬᠤᠷᠠᠯ ᠢᠶᠠᠷ ᠲᠣᠬᠢᠶᠠᠯ ᠪᠣᠯᠭᠠᠨ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠬᠢᠨᠠᠮᠠᠭᠠᠶ ᠰᠤᠷᠭᠠᠮᠵᠢ

ᠠᠪᠴᠤ᠂ ︽ᠠᠷᠢᠭᠤᠨ ᠴᠢᠬᠡᠴᠢ︾ ᠭᠡᠳᠡᠭ ᠦᠭᠡ ᠶᠢ ᠴᠠᠭ ᠢᠮᠠᠭᠲᠠ ᠪᠠᠲᠤ ᠴᠡᠭᠡᠵᠢᠯᠡᠵᠦ᠂ ᠦᠢᠯᠡ

ᠠᠵᠢᠯᠯᠠᠭ᠎ᠠ ᠳᠠᠭᠠᠨ ᠢᠯᠡᠷᠡᠭᠦᠯᠵᠦ᠂ ᠡᠯ᠎ᠡ ᠵᠦᠢᠯ ᠤᠨ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠪᠠ ᠬᠠᠤᠯᠢ

ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠶᠢᠨ ︽ᠰᠡᠷᠭᠡᠶᠢᠯᠡᠯᠲᠡ ᠶᠢᠨ ᠬᠡᠷᠡᠮ︾ ᠢ

ᠪᠠᠲᠤ ᠪᠠᠬᠢ ᠪᠠᠶᠢᠭᠤᠯᠵᠤ᠂ ᠲᠤᠰ ᠪᠡᠶ᠎ᠡ ᠶᠢᠨ ︽ᠦᠯᠦ ᠬᠠᠯᠳᠠᠭᠠᠬᠤ ᠴᠢᠳᠠᠪᠤᠷᠢ︾ ᠪᠠᠨ ᠨᠡᠮᠡᠭᠳᠡᠭᠦᠯᠵᠦ᠂

ᠠᠷᠠᠳ ᠤᠨ ᠲᠥᠯᠥᠭᠡ ᠵᠢᠳᠬᠦᠬᠦ᠂ ᠪᠣᠳᠠᠲᠠᠶ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠲᠦᠷᠢ

ᠲᠥᠷᠬᠦ ᠶᠢ ᠴᠢᠷᠮᠠᠶᠢᠨ ᠪᠤᠢ ᠪᠤᠯᠭᠠᠨ᠎ᠠ ᠬᠡᠵᠡᠢ᠃

     ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠳᠤᠷᠢᠳᠬᠤ

ᠳᠤᠭᠤᠶᠢᠯᠠᠩ ᠶᠠᠳᠠᠭᠤ ᠶᠢ ᠲᠡᠳᠬᠦᠬᠦ ᠬᠦᠷᠢᠶᠡᠨ ᠳᠤ ᠭᠠᠷᠤᠭᠰᠠᠨ ᠢᠯᠵᠠᠷᠠᠯ ᠪᠠ ᠣᠪᠣᠷ ᠰᠤᠷᠲᠠᠯ ᠤᠨ

ᠠᠰᠠᠭᠤᠳᠠᠯ ᠤᠨ ᠡᠰᠡᠷᠭᠦ ᠲᠠᠯ᠎ᠠ ᠶᠢᠨ ᠬᠡᠷᠡᠭ ᠤᠨ ᠵᠢᠱᠶ᠎ᠡ ᠶᠢ ᠬᠦᠯᠢᠶᠡᠨ ᠠᠪᠴᠤ᠂ ᠥᠪᠡᠷ ᠢ ᠪᠠᠨ ᠲᠤᠩᠭᠠᠵᠤ

ᠥᠪᠡᠷ ᠢ ᠪᠠᠨ ᠪᠠᠶᠢᠴᠠᠭᠠᠬᠤ ᠪᠠᠨ ᠴᠢᠩᠭᠠᠳᠬᠠᠵᠦ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠮᠠᠯ ᠦᠵᠡᠭᠳᠡᠯ ᠢ

ᠡᠷᠡᠰ ᠬᠤᠷᠢᠭᠯᠠᠵᠤ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ

ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ

ᠢᠯᠠᠯᠲᠠ ᠶᠢ ᠤᠯᠬᠤ ᠲᠤᠮᠳᠠ ᠵᠣᠷᠢᠭᠲᠠᠢ ᠪᠠᠷ ᠬᠤᠰᠢᠭᠤᠴᠢ ᠪᠤᠯᠵᠤ᠂ ᠰᠠᠶᠢᠲᠤᠷ ᠦᠯᠢᠭᠡᠷ ᠳᠠᠭᠤᠷᠢᠶᠠᠯ ᠪᠣᠯᠬᠤ

ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ

ᠶᠠᠳᠠᠭᠤ ᠶᠢ ᠲᠡᠳᠬᠦᠬᠦ ᠬᠦᠷᠢᠶᠡᠨ ᠤ ᠢᠯᠵᠠᠷᠠᠯ ᠪᠣᠯᠤᠨ ᠰᠤᠷᠲᠠᠯ ᠤᠨ ᠠᠰᠠᠭᠤᠳᠠᠯ ᠤᠨ ᠲᠤᠰᠬᠠᠶ ᠵᠠᠰᠠᠯᠲᠠ ᠶᠢ ᠤᠯᠠᠮ

ᠨᠢᠭᠡ ᠠᠯᠬᠤᠮ ᠭᠦᠨᠵᠡᠭᠡᠶᠢᠷᠡᠭᠦᠯᠵᠤ᠂ ᠶᠠᠳᠠᠭᠤ ᠶᠢ ᠲᠡᠳᠬᠦᠬᠦ ᠬᠦᠷᠢᠶᠡᠨ ᠤ ᠪᠤᠶ ᠪᠦᠬᠦᠢ ᠠᠯᠪᠠᠨ ᠤ ᠡᠷᠬᠡ ᠲᠠᠢ

ᠠᠯᠪᠠᠨ ᠲᠤᠰᠢᠶᠠᠯᠲᠠᠨ ᠳᠤ ᠬᠢᠨᠠᠯᠳᠠ ᠲᠠᠯᠪᠢᠬᠤ ᠪᠠᠨ ᠴᠢᠩᠭᠠᠳᠬᠠᠵᠦ᠂ ᠱᠠᠮᠰᠢᠨ ᠨᠡᠭᠦᠯᠭᠡᠨ ᠬᠡᠷᠡᠭᠯᠡᠬᠦ᠂ ᠦᠯᠡᠳᠡᠭᠡᠨ

ᠠᠪᠴᠤ ᠳᠤᠷ᠎ᠠ ᠪᠠᠷ ᠢᠶᠠᠨ ᠬᠤᠪᠢᠶᠠᠬᠤ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠵᠡᠷᠭᠡ ᠦᠢᠯᠡ

ᠠᠵᠢᠯᠯᠠᠭ᠎ᠠ ᠶᠢ ᠬᠢᠨᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠳᠤᠮᠳᠠᠬᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠡᠷᠡᠰ ᠴᠡᠭᠴᠡᠯᠡᠨ ᠵᠠᠰᠠᠬᠤ

ᠬᠡᠷᠡᠭᠳᠡᠢ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠲᠥᠪ ᠤᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ

ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠲᠤᠰᠬᠠᠢ ᠵᠠᠰᠠᠯᠲᠠ ᠶᠢᠨ

ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠵᠤ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠴᠢᠩᠭ᠎ᠠ ᠴᠢᠩᠭ᠎ᠠ ᠰᠠᠭᠢᠯᠭ᠎ᠠ ᠪᠠᠲᠤ ᠪᠠ

ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号