ᠳᠥᠷᠪᠡᠨ ᠰᠠᠯᠠᠭ᠎ᠠ ᠮᠥᠴᠢᠷ ᠬᠠᠮᠲᠤᠷᠠᠨ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠭᠦᠯᠬᠦ ᠡᠵᠡᠩᠨᠡᠯᠲᠡ ᠶᠢᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020-06-29
     ᠬᠡᠭᠡᠷ᠎ᠡ ᠶᠢᠨ ᠠᠮᠢᠲᠠᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠶᠢᠨ ᠲᠥᠯᠥᠭᠡ᠂ ᠲᠦᠷᠦᠭᠦᠬᠡᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠪᠠᠶᠢᠴᠠᠭᠠᠬᠤ ᠬᠤᠷᠢᠶ᠎ᠠ᠂ ᠬᠤᠳᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠲᠠᠢ ᠬᠠᠮᠲᠤᠷᠠᠨ ᠬᠡᠭᠡᠷ᠎ᠡ ᠶᠢᠨ ᠠᠮᠢᠲᠠᠨ ᠤ ᠲᠤᠬᠠᠶ ᠲᠤᠰᠬᠠᠶ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠲᠠ ᠥᠷᠨᠢᠭᠦᠯᠪᠡ᠃      ᠬᠠᠤᠯᠢ ᠬᠡᠷᠡᠭᠵᠢᠭᠦᠯᠬᠦ ᠠᠵᠢᠯᠲᠠᠨ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠭᠦᠯᠬᠦ ᠡᠷᠦᠭᠡ ᠶᠢ ᠠᠷᠢᠭᠤᠳᠬᠠᠬᠤ᠂ ᠬᠢᠵᠢᠭ ᠢ ᠰᠡᠷᠭᠡᠶᠢᠯᠡᠬᠦ᠂ ᠪᠣᠷᠣᠯᠠᠭᠤᠯᠬᠤ ᠵᠡᠷᠭᠡ ᠭᠤᠤᠯ ᠵᠠᠩᠭᠢᠯᠠᠭ᠎ᠠ ᠠᠴᠠ ᠪᠠᠶᠢᠴᠠᠭᠠᠬᠤ ᠶᠢ ᠭᠤᠤᠯᠳᠠᠯᠭ᠎ᠠ ᠲᠠᠢ ᠬᠢᠵᠡᠶ᠃ ᠲᠡᠵᠢᠭᠡᠨ ᠦᠷᠡᠵᠢᠭᠦᠯᠬᠦ ᠡᠷᠦᠬᠡ ᠲᠡᠵᠢᠭᠡᠨ ᠦᠷᠡᠵᠢᠭᠦᠯᠬᠦ ᠭᠠᠵᠠᠷ ᠤᠨ ᠣᠶᠢᠷ᠎ᠠ ᠬᠠᠪᠢ ᠳᠤ ᠪᠢᠲᠡᠭᠦᠮᠵᠢᠯᠡᠨ ᠬᠢᠵᠠᠭᠠᠷᠯᠠᠭᠰᠠᠨ ᠲᠤᠰᠠᠭᠠᠷᠯᠠᠬᠤ ᠣᠷᠣᠨ ᠪᠠᠶᠢᠭᠤᠯᠬᠤ᠂ ᠲᠤᠰᠠᠭᠠᠷᠯᠠᠬᠤ ᠰᠡᠷᠡᠮᠵᠢ ᠶᠢᠨ ᠫᠠᠶᠢᠰᠠ ᠭᠠᠷᠭᠠᠬᠤ ᠵᠢᠴᠢ ᠲᠡᠵᠢᠭᠡᠨ ᠦᠷᠡᠵᠢᠭᠦᠯᠬᠦ ᠭᠠᠵᠠᠷ ᠤᠨ ᠠᠷᠢᠭᠤᠳᠬᠠᠨ ᠪᠠᠺᠲ᠋ᠧᠷᠢ ᠠᠯᠠᠭᠰᠠᠨ ᠪᠠᠶᠢᠳᠠᠯ ᠳᠤ ᠡᠬᠡ ᠳᠠᠩᠰᠠ ᠪᠠᠶᠢᠭᠤᠯᠬᠤ ᠶᠢ ᠱᠠᠭᠠᠷᠳᠠᠪᠠ᠃ ᠪᠠᠰᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠤᠯᠤᠩ ᠳᠤ ᠨᠠᠭᠠᠵᠤ᠂ ᠲᠡᠵᠢᠭᠡᠨ ᠦᠷᠡᠵᠢᠭᠦᠯᠬᠦ ᠬᠡᠭᠡᠷ᠎ᠡ ᠶᠢᠨ ᠠᠮᠢᠲᠠᠨ ᠤ ᠲᠥᠷᠥᠯ ᠵᠦᠢᠯ᠂ ᠲᠤᠭ᠎ᠠ ᠬᠡᠮᠵᠢᠶ᠎ᠡ᠂ ᠬᠢᠵᠢᠭ ᠢ ᠰᠡᠷᠭᠡᠶᠢᠯᠡᠬᠦ ᠪᠠᠶᠢᠳᠠᠯ ᠵᠡᠷᠭᠡ ᠶᠢ ᠵᠠᠷᠯᠠᠨ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠵᠠᠶ᠃ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠯ᠎ᠡ ᠵᠠᠬ᠎ᠠ ᠳᠡᠯᠭᠡᠭᠦᠷ ᠲᠤ ᠬᠡᠭᠡᠷ᠎ᠡ ᠶᠢᠨ ᠠᠮᠢᠲᠠᠨ ᠵᠢᠴᠢ ᠲᠡᠭᠦᠨ ᠦᠢᠯᠡᠳᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠪᠤᠯᠪᠠᠰᠣᠷᠠᠭᠤᠯᠤᠭᠰᠠᠨ᠂ ᠡᠵᠡᠩᠨᠡᠭᠰᠡᠨ ᠪᠠᠶᠢᠳᠠᠯ ᠣᠷᠣᠰᠢᠵᠦ ᠪᠠᠶᠢᠬᠤ ᠡᠰᠡᠬᠦ ᠶᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢ ᠳᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠪᠠ ᠬᠠᠤᠯᠢ ᠲᠣᠭᠲᠠᠭᠠᠯ ᠢ ᠬᠦᠯᠢᠴᠡᠩᠭᠦᠶ ᠪᠥᠭᠡᠳ ᠨᠠᠷᠢᠨ ᠲᠠᠶᠢᠯᠪᠤᠷᠢᠯᠠᠵᠤ᠂ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠭᠦᠯᠦᠭᠴᠢ ᠶᠢ ᠲᠤᠰ ᠤᠳᠠᠭᠠᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠵᠡᠷᠯᠢᠭ ᠠᠮᠢᠲᠠᠨ᠂ ᠪᠦᠲᠦᠭᠡᠭᠳᠡᠬᠦᠨ ᠵᠢᠴᠢ ᠡᠭᠦᠰᠦᠮᠡᠯ ᠡᠳ᠋ ᠢ ᠠᠷᠠᠯᠵᠢᠶᠠᠯᠠᠬᠤ᠂ ᠨᠢᠲᠤᠯᠬᠤ᠂ ᠰᠢᠯᠵᠢᠭᠦᠯᠬᠦ ᠶᠢ ᠴᠠᠭᠠᠵᠠᠯᠠᠭᠤᠯᠬᠤ ᠪᠠᠷ ᠵᠠᠷᠯᠢᠭᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号