ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ 2020 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠣᠨᠣᠯ ᠤᠨ ᠰᠤᠳᠤᠯᠤᠨ ᠶᠠᠷᠢᠯᠴᠠᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2020-06-05
     6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠰᠣᠳᠣᠯᠤᠨ ᠶᠠᠷᠢᠯᠴᠠᠬᠤ ᠠᠩᠭᠢ ᠵᠢᠴᠢ 2020 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠣᠨᠣᠯ ᠤᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃      ᠮᠠᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠦ ᠶᠢᠩ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠭᠤᠣᠯ ᠰᠡᠳᠦᠪᠲᠦ ᠮᠡᠳᠡᠭᠦᠯᠦᠯᠲᠡ ᠬᠢᠵᠡᠢ᠃ ᠦ᠋ ᠶᠢᠩ ᠶᠡᠭᠡ ᠬᠤᠷᠠᠯ ᠤᠨ ᠦᠨᠳᠦᠰᠦᠨ ᠪᠠᠶᠢᠳᠠᠯ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠭᠡ ᠬᠤᠷᠠᠯ ᠤᠨ ᠡᠯ᠎ᠡ ᠵᠦᠢᠯ ᠤᠨ ᠢᠯᠡᠳᠬᠡᠯ ᠤᠨ ᠭᠤᠤᠯ ᠠᠭᠤᠯᠭ᠎ᠠ᠂ ᠥᠪᠡᠷ ᠤᠨ ᠬᠤᠪᠢ ᠬᠥᠮᠦᠨ ᠤ ᠰᠠᠨᠠᠭᠤᠯᠭ᠎ᠠ ᠪᠣᠯᠤᠨ ᠬᠤᠷᠠᠯ ᠳᠤ ᠣᠷᠤᠯᠴᠠᠭᠰᠠᠨ ᠲᠥᠷᠥᠭᠳᠡᠯ ᠵᠡᠷᠭᠡ 4 ᠲᠠᠯ᠎ᠠ ᠪᠠᠷ ᠬᠤᠶᠠᠷ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠤᠭᠳᠠᠬᠤᠨ ᠤ ᠠᠴᠢ ᠬᠤᠯᠪᠣᠭᠳᠠᠯ ᠢ ᠤᠯᠠᠮᠵᠢᠯᠠᠪᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠫᠷᠤᠹᠧᠰᠰᠤᠷ ᠲᠤᠰ ᠲᠤᠰ ︽ᠬᠢᠮᠤᠷᠠᠯ ᠤᠨ ᠳᠤᠮᠳᠠ ᠰᠢᠨ᠎ᠡ ᠲᠣᠬᠢᠶᠠᠯ ᠬᠠᠶᠢᠵᠤ᠂ ᠬᠤᠪᠢᠰᠬᠠᠯ ᠤᠨ ᠳᠤᠮᠳᠠ ᠰᠢᠨ᠎ᠡ ᠶᠢ ᠡᠭᠦᠳᠬᠦ ᠲᠣᠪᠴᠢᠶ᠎ᠠ︾ ︽ᠲᠥᠷᠥ ᠶᠢᠨ ᠪᠣᠳᠣᠯᠭ᠎ᠠ ᠶᠢ ᠰᠤᠳᠤᠯᠵᠤ᠂ ᠤᠷᠢᠳᠴᠢᠯᠠᠨ ᠲᠥᠯᠦᠪᠯᠡᠵᠦ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠶ᠎ᠠ︾ ᠭᠡᠬᠦ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠪᠠ᠃      27 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠲᠠᠷᠴᠤᠳ ᠤᠨ ᠪᠣᠯᠪᠠᠰᠤᠷᠠᠯ ᠤᠨ ᠠᠩᠭᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠣᠱᠯᠠᠭᠤᠯᠤᠭᠰᠠᠨ ᠲᠤᠰᠬᠠᠶ ᠰᠡᠳᠦᠪᠲᠦ ᠰᠠᠯᠠᠭᠠᠨ ᠲᠠᠰ ᠤᠨ ᠺᠠᠳ᠋ᠷ ᠤᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠶᠢᠨ ᠰᠣᠷᠣᠭᠴᠢ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠥᠬᠦ ᠪᠠᠭᠰᠢ ᠠᠵᠢᠯᠲᠠᠨ 200 ᠭᠠᠷᠤᠶ ᠬᠥᠮᠦᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠦᠬᠠᠶ ᠶᠢᠨ ᠴᠢᠨᠠᠷ ᠰᠠᠶᠢᠲᠠᠶ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号