6 ᠰᠠᠷ᠎ᠠ ᠶᠢᠨ 4 ᠤ ᠦᠳᠡ ᠶᠢᠨ ᠡᠮᠦᠨ᠎ᠡ᠂ 2020 ᠣᠨ ᠤ ᠪᠥᠬᠦ ᠬᠤᠲᠠ ᠶᠢᠨ ᠠᠬᠠᠮᠠᠳ | ᠺᠠᠳ᠋ᠷᠴᠤᠳ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ | ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠳᠤ ᠣᠷᠣᠯᠴᠠᠵᠠᠶ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠠᠵᠢᠯ ᠠᠴᠠ ᠪᠠᠨ ᠪᠠᠭᠤᠭᠰᠠᠨ ᠪᠠ ᠠᠵᠢᠯ ᠠᠴᠠ ᠪᠠᠨ | ᠠᠮᠠᠷᠠᠭᠰᠠᠨᠺᠠᠳ᠋ᠷᠴᠤᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ ᠠᠬᠠᠮᠠᠳ ᠺᠠᠳ᠋ᠷ ᠤᠨ ᠲᠤᠪᠴᠢᠶᠠᠨ ᠤ | ᠲᠤᠪᠴᠢᠶᠠᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠥᠪᠡᠷᠲᠡᠭᠡᠨ | ᠵᠠᠰᠠᠬᠤ ᠣᠷᠣᠨ ᠠᠴᠠ ᠬᠥᠬᠢᠭᠦᠯᠦᠨ ᠰᠠᠶᠢᠰᠢᠶᠠᠭᠰᠠᠨ ᠪᠦᠬᠦ ᠣᠷᠣᠨ ᠤ ᠠᠵᠢᠯ ᠠᠴᠠ ᠪᠠᠨ ᠪᠠᠭᠤᠭᠰᠠᠨ ᠪᠠ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ | ᠵᠠᠷᠯᠠᠨ ᠮᠡᠳᠡᠭᠳᠡᠵᠦ᠂ 2019 ᠣᠨ ᠤ ᠪᠥᠬᠦ ᠬᠤᠲᠠ ᠶᠢᠨ ᠠᠬᠠᠮᠠᠳ ᠺᠠᠳ᠋ᠷᠴᠤᠳ ᠤᠨ ᠠᠵᠢᠯ ᠢ ᠳ᠋ᠦᠩᠨᠡᠬᠦ ᠶᠢᠨ | ᠬᠠᠮᠲᠤ 2020 ᠣᠨ ᠤ ᠠᠵᠢᠯ ᠳᠤ ᠲᠣᠬᠢᠷᠠᠭᠤᠯᠤᠯᠲᠠ ᠬᠢᠪᠠ᠃ | ᠱᠢ ᠸᠠᠨ ᠵᠢᠶᠦ᠋ᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ | ᠪᠦᠬᠦ ᠬᠤᠲᠠ ᠶᠢᠨ ᠠᠬᠠᠮᠠᠳ ᠺᠠᠳ᠋ᠷᠴᠤᠳ ᠤᠨ ᠦᠬᠠᠶ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ | ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠤ᠂ ᠠᠬᠠᠮᠠᠳ ᠺᠠᠳ᠋ᠷᠴᠤᠳ | ᠥᠩᠭᠡᠷᠡᠭᠰᠡᠨ ᠲᠠᠢ ᠪᠠᠨ ᠠᠳᠠᠯᠢ ᠪᠠᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠠᠵᠢᠯ ᠢ ᠬᠠᠯᠠᠮᠵᠢᠯᠠᠨ ᠳᠠᠮᠵᠢᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠵᠡᠢ᠃ | ᠱᠢ ᠸᠠᠨ ᠵᠢᠶᠦ᠋ᠨ ᠵᠢᠭᠠᠵᠤ ᠭᠠᠷᠭᠠᠭᠰᠠᠨ ᠨᠢ᠂ ᠥᠷᠭᠡᠨ ᠣᠯᠠᠨ ᠠᠵᠢᠯ ᠠᠴᠠ ᠪᠠᠨ ᠪᠠᠭᠤᠭᠰᠠᠨ ᠪᠠ | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠪᠦᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠡᠯ᠎ᠡ ᠵᠦᠢᠯ ᠤᠨ ᠠᠵᠢᠯ ᠳᠤ ᠬᠠᠯᠠᠭᠤᠨ ᠴᠢᠰᠤ ᠪᠠ ᠬᠥᠯᠥᠰᠥ ᠪᠠᠨ ᠤᠷᠤᠰᠬᠠᠨ᠂ ᠴᠢᠬᠤᠯᠠ ᠬᠤᠪᠢ | ᠨᠡᠮᠡᠷᠢ ᠦᠵᠡᠭᠦᠯᠵᠡᠶ᠂ ᠡᠨᠡ ᠪᠣᠯ ᠦᠬᠠᠶ ᠶᠢᠨ ᠬᠥᠭᠵᠢᠯᠲᠡ ᠶᠢᠨ ᠠᠳᠠᠯ ᠦᠢᠯᠡᠰ ᠴᠣᠭᠴᠠᠯᠠᠭᠴᠢ᠂ ᠰᠠᠭᠤᠷᠢ | ᠲᠠᠯᠪᠢᠭᠴᠢ᠂ ᠠᠲᠠᠷ ᠬᠠᠭᠠᠯᠪᠤᠷᠢᠯᠠᠭᠴᠢ ᠪᠠ ᠬᠤᠪᠢ ᠨᠡᠮᠡᠷᠢ ᠦᠵᠡᠭᠦᠯᠦᠭᠴᠢ ᠮᠥᠨ᠂ ᠪᠦᠬᠦ ᠬᠤᠲᠠ ᠶᠢᠨ ᠠᠷᠠᠳ | ᠲᠦᠮᠡᠨ ᠤ ᠡᠷᠬᠢᠮ ᠨᠠᠨᠳᠢᠨ ᠥᠪ ᠬᠥᠷᠥᠩᠭᠡ ᠮᠥᠨ᠃ ᠠᠬᠠᠮᠠᠳ ᠺᠠᠳ᠋ᠷᠴᠤᠳ ᠤᠨ ᠠᠵᠢᠯ ᠢ ᠴᠢᠬᠤᠯᠠᠴᠢᠯᠠᠨ | ᠬᠠᠯᠠᠮᠵᠢᠯᠠᠬᠤ ᠪᠣᠯ ᠮᠠᠨ ᠤ ᠨᠠᠮ ᠤᠨ ᠢᠮᠠᠭᠲᠠ ᠶᠢᠨ ᠰᠢᠯᠢᠳᠡᠭ ᠰᠤᠷᠲᠠᠯ ᠪᠠ ᠱᠠᠭᠠᠷᠳᠠᠯᠭ᠎ᠠ ᠮᠥᠨ᠂ ᠠᠬᠠᠮᠠᠳ | ᠺᠠᠳ᠋ᠷᠴᠤᠳ ᠤᠨ ᠠᠵᠢᠯ ᠢ ᠴᠢᠬᠤᠯᠠᠴᠢᠯᠠᠵᠤ ᠪᠠᠶᠢᠬᠤ ᠨᠢ ᠳᠠᠷᠤᠶ ᠣᠳᠣᠬᠢ ᠪᠠ ᠢᠷᠡᠭᠡᠳᠦᠶ ᠶᠢ ᠴᠢᠬᠤᠯᠠᠴᠢᠯᠠᠵᠤ | ᠪᠠᠶᠢᠭ᠎ᠠ ᠶᠠᠪᠤᠳᠠᠯ ᠮᠥᠨ᠂ ᠬᠡᠵᠢᠶ᠎ᠡ ᠴᠦ ᠭᠡᠰᠡᠨ ᠮᠠᠷᠲᠠᠵᠤ ᠪᠣᠯᠬᠤ ᠦᠭᠡᠢ ᠬᠡᠵᠡᠢ᠃ | ᠱᠢ ᠸᠠᠨ ᠵᠢᠶᠦ᠋ᠨ ᠴᠢᠬᠤᠯᠠᠴᠢᠯᠠᠭᠰᠠᠨ ᠨᠢ᠂ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠬᠦ ᠳᠤ | ᠢᠮᠠᠭᠲᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠬᠠᠮᠠᠳ | ᠺᠠᠳ᠋ᠷᠴᠤᠳ ᠤᠨ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠬᠥᠲᠥᠯᠥᠨ ᠵᠢᠯᠣᠭᠤᠳᠬᠤ ᠬᠡᠷᠡᠭᠲᠡᠶ᠃ | ᠠᠬᠠᠮᠠᠳ ᠺᠠᠳ᠋ᠷᠴᠤᠳ ᠤᠨ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠠᠬᠠᠮᠠᠳ ᠺᠠᠳ᠋ᠷᠴᠤᠳ ᠲᠤ ᠠᠰᠢᠭ | ᠬᠦᠷᠳᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ | ᠦᠢᠯᠡᠴᠢᠯᠡᠭᠡᠨ ᠤ ᠪᠠᠲᠤᠯᠭ᠎ᠠ ᠶᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠬᠠᠮᠠᠳ ᠺᠠᠳ᠋ᠷᠴᠤᠳ ᠢ ᠰᠠᠶᠢᠲᠤᠷ | ᠬᠠᠯᠠᠮᠵᠢᠯᠠᠵᠤ᠂ ᠰᠠᠶᠢᠲᠤᠷ ᠬᠠᠮᠠᠭᠠᠯᠠᠵᠤ᠂ ᠠᠯᠢ ᠴᠢᠳᠠᠬᠤ ᠪᠠᠷ ᠠᠬᠠᠮᠠᠳ ᠺᠠᠳ᠋ᠷᠴᠤᠳ ᠲᠤ ᠪᠣᠳᠠᠲᠤ ᠶᠠᠪᠤᠳᠠᠯ ᠬᠢᠵᠦ᠂ | ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠬᠠᠮᠠᠳ ᠺᠠᠳ᠋ᠷᠴᠤᠳ ᠢ ᠤᠯᠤᠰ ᠲᠦᠷᠦ ᠶᠢᠨ ᠲᠠᠯ᠎ᠠ ᠪᠠᠷ ᠢᠷᠠᠭᠤ | ᠠᠯᠳᠠᠷᠲᠤ ᠰᠡᠳᠬᠢᠯᠭᠡ ᠲᠠᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠬᠠᠷᠢᠶᠠᠯᠠᠭᠳᠠᠬᠤ ᠰᠡᠳᠬᠢᠯᠭᠡ ᠲᠠᠢ | ᠪᠣᠯᠭᠠᠵᠤ᠂ ᠠᠮᠢᠳᠤᠷᠠᠯ ᠤᠨ ᠲᠠᠯ᠎ᠠ ᠪᠠᠷ ᠵᠣᠯ ᠵᠢᠷᠭᠠᠯᠲᠤ ᠰᠡᠳᠬᠢᠯᠭᠡ ᠲᠠᠢ ᠪᠤᠯᠭᠠᠬᠤ ᠬᠡᠷᠡᠭᠳᠡᠢ᠃ ᠥᠷᠭᠡᠨ ᠣᠯᠠᠨ | ᠠᠬᠠᠮᠠᠳ ᠺᠠᠳ᠋ᠷᠴᠤᠳ ᠤᠨ ᠳᠠᠪᠠᠭᠤᠯᠢᠭ ᠪᠠ ᠦᠢᠯᠡᠳᠦᠯ ᠢᠶᠠᠨ ᠪᠠᠳᠠᠷᠠᠭᠤᠯᠬᠤ ᠶᠢ ᠴᠢᠬᠤᠯᠠᠴᠢᠯᠠᠵᠤ᠂ ᠠᠬᠠᠮᠠᠳ | ᠺᠠᠳ᠋ᠷᠴᠤᠳ ᠤᠨ ᠠᠵᠢᠯ ᠤᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠠᠬᠠᠮᠠᠳ ᠺᠠᠳ᠋ᠷᠴᠤᠳ ᠤᠨ ᠤᠶᠤᠨ | ᠤᠬᠠᠭᠠᠨ ᠪᠠ ᠬᠦᠴᠦᠨ ᠴᠢᠳᠠᠯ ᠢ ᠬᠥᠭᠵᠢᠯᠲᠡ ᠳᠤ ᠦᠢᠯᠡᠴᠢᠯᠡᠬᠦ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ | ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠦᠢᠯᠡᠰ ᠳᠡᠭᠡᠷ᠎ᠡ ᠦᠨᠡᠨ ᠬᠦ ᠨᠢᠭᠲᠠᠷᠠᠭᠤᠯᠬᠤ | ᠬᠡᠷᠡᠭᠲᠡᠶ ᠬᠡᠵᠡᠢ᠃ | ᠳᠣᠷᠵᠢ᠂ ᠪᠠᠳᠠᠷᠠ᠂ ᠯᠢ ᠭᠤᠸᠠᠩ ᠰᠢ᠂ ᠬᠠᠨ ᠴᠢ ᠶᠦᠨ᠂ ᠵᠧᠨ ᠴᠧᠨ ᠯᠠᠨ ᠵᠡᠷᠭᠡ ᠠᠬᠠᠮᠠᠳ ᠺᠠᠳ᠋ᠷᠴᠤᠳ | ᠬᠤᠷᠠᠯ ᠳᠤ ᠣᠷᠣᠯᠴᠠᠵᠠᠢ᠃ |