ᠠᠵᠤ ᠠᠬᠤᠶᠢᠯᠠᠯ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠦᠢᠯᠡᠳᠪᠦᠷᠢᠯᠡᠯ ᠢᠶᠠᠨ ᠰᠡᠷᠭᠦᠭᠡᠬᠦ ᠳᠤ | ᠬᠦᠴᠦᠨ ᠨᠡᠮᠡᠷᠢᠯᠡᠬᠦ ᠶᠢᠨ ᠲᠥᠯᠥᠭᠡ᠂ ᠥᠷᠭᠡᠨ ᠣᠯᠠᠨ ᠬᠥᠳᠡᠯᠮᠦᠷᠢᠴᠢᠨ ᠤ ᠠᠵᠢᠯ ᠤᠨ ᠪᠠᠶᠢᠷᠢ ᠳᠠᠭᠠᠨ ᠪᠤᠴᠠᠬᠤ ᠪᠠ | ᠠᠵᠢᠯ ᠡᠷᠢᠭᠰᠡᠳ ᠤᠨ ᠠᠵᠢᠯ ᠤᠨ ᠪᠠᠶᠢᠷᠢ ᠳᠤ ᠭᠠᠷᠬᠤ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ | ᠂ ᠣᠶᠢᠷ᠎ᠠ ᠳᠤ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠢᠭᠡᠳ ᠬᠤᠲᠠ ᠶᠢᠨ ᠴᠢᠳᠠᠪᠤᠷᠢᠲᠠᠨ ᠤ | ᠰᠣᠯᠢᠯᠴᠠᠭᠠᠨ ᠤ ᠲᠥᠪ᠂ ᠥᠪᠥᠷ ᠮᠣᠩᠭᠤᠯ ᠤᠨ ᠵᠥᠩ ᠳ᠋ᠡ ᠬᠥᠮᠦᠨ ᠤ ᠬᠦᠴᠦᠨ ᠤ ᠡᠬᠢ ᠪᠠᠶᠠᠯᠢᠭ ᠤᠨ | ᠬᠢᠵᠠᠭᠠᠷᠲᠤ ᠺᠣᠮᠫᠠᠨᠢ ᠬᠠᠮᠲᠤᠷᠠᠨ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠱᠠᠩᠨᠠᠯ ᠲᠠᠢ ᠰᠦᠯᠵᠢᠶᠡᠨ | ᠳᠡᠭᠡᠷ᠎ᠡ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠶᠢ ᠡᠷᠭᠢᠯᠡᠪᠡ᠃ ᠣᠲᠣ ᠪᠣᠯᠲᠠᠯ᠎ᠠ᠂ ᠰᠦᠯᠵᠢᠶᠡᠨ ᠥᠷᠲᠡᠭᠡᠨ ᠤ | ᠭᠦᠶᠦᠯᠭᠡᠨ ᠦᠵᠡᠭᠰᠡᠨ ᠲᠤᠭ᠎ᠠ 37066 ᠬᠥᠮᠦᠨ ᠤᠳᠠᠭ᠎ᠠ ᠳᠤ ᠬᠦᠷᠴᠦ᠂ 1357 ᠬᠥᠮᠦᠨ ᠬᠡᠷᠡᠭᠯᠡᠬᠦ | ᠰᠠᠨᠠᠭᠠᠴᠢᠯᠠᠭ᠎ᠠ ᠲᠤᠭᠳᠠᠪᠠ᠃ | ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠬᠤᠲᠠ ᠶᠢᠨ | ᠠᠵᠢᠯᠴᠢᠨ ᠤ ᠶᠡᠷᠦᠩᠬᠡᠶ ᠡᠪᠯᠡᠯ ᠨᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢᠨ | ᠢᠷᠡᠯᠲᠡ ᠶᠢᠨ ᠠᠷᠭ᠎ᠠ ᠵᠠᠮ ᠢ ᠥᠷᠭᠡᠳᠬᠡᠵᠦ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠡᠷᠴᠢᠮ ᠢᠶᠠᠨ | ᠴᠢᠩᠭᠠᠷᠠᠭᠤᠯᠪᠠ︔ ᠪᠣᠢ ᠪᠦᠬᠦᠢ ᠠᠵᠢᠯᠲᠠᠨ ᠡᠯᠰᠡᠬᠦ ᠮᠡᠳᠡᠭᠡ ᠵᠠᠩᠭᠢ ᠨᠢ ᠴᠥᠮ ᠠᠵᠢᠯ ᠤᠨ ᠪᠠᠶᠢᠷᠢ ᠶᠢᠨ | ᠱᠠᠭᠠᠷᠳᠠᠯᠭ᠎ᠠ ᠲᠣᠳᠣᠷᠬᠠᠶ᠂ ᠴᠠᠯᠢᠩ ᠣᠯᠭᠤᠮᠵᠢ ᠲᠣᠳᠣᠷᠬᠠᠶ᠂ ᠬᠥᠮᠦᠨ ᠬᠡᠷᠡᠭᠯᠡᠬᠦ ᠨᠢᠭᠡᠴᠡ ᠶᠢᠨ ᠬᠠᠷᠢᠯᠴᠠᠬᠤ ᠠᠷᠭ᠎ᠠ | ᠮᠠᠶ᠋ᠢᠭ ᠲᠣᠳᠣᠷᠬᠠᠶ ᠪᠠᠶᠢᠬᠤ ᠶᠢ ᠪᠠᠲᠤᠯᠠᠵᠤ᠂ ᠲᠡᠭᠡᠬᠦ ᠮᠥᠷᠲᠡᠭᠡᠨ ᠬᠦᠴᠦᠨ ᠦᠭᠡᠢ ᠮᠡᠳᠡᠭᠡ ᠵᠠᠩᠭᠢ ᠶᠢ ᠴᠠᠭ | ᠲᠤᠬᠠᠶ ᠳᠤᠨᠢ ᠠᠷᠢᠯᠭᠠᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ᠃ | |