6 ᠰᠠᠷ᠎ᠠ ᠶᠢᠨ 29 ᠤ ᠡᠳᠦᠷ᠂ ᠪᠥᠬᠦ ᠬᠤᠲᠠ ᠶᠢᠨ ᠨᠢᠭᠡᠳᠦᠮᠡᠯ ᠹᠷᠣᠨᠲ ᠤᠨ ︽ᠬᠠᠮᠲᠤᠷᠠᠯᠴᠠᠭᠠᠨ ᠤ ᠤᠭ | ᠰᠠᠨᠠᠭ᠎ᠠ ᠪᠠᠨ ᠥᠯᠥ ᠮᠠᠷᠲᠠᠵᠤ᠂ ᠦᠷᠭᠦᠯᠵᠢᠯᠡᠨ ᠭᠠᠷ ᠬᠤᠯᠪᠣᠨ ᠣᠷᠣᠭᠰᠢᠯᠠᠶ᠎ᠠ︾ ᠬᠡᠬᠦ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠬᠡᠯᠳᠡᠰ ᠤᠨ | ᠳᠠᠷᠤᠭ᠎ᠠ ᠳ᠋ᠧᠩ ᠺᠠᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠲᠥᠯᠥᠭᠡᠯᠡᠭᠴᠢᠳ ︽ | ᠬᠠᠮᠲᠤᠷᠠᠯᠴᠠᠭᠠᠨ ᠤ ᠤᠭ ᠰᠠᠨᠠᠭ᠎ᠠ ᠪᠠᠨ ᠥᠯᠥ ᠮᠠᠷᠲᠠᠵᠤ᠂ ᠦᠷᠭᠦᠯᠵᠢᠯᠡᠨ ᠭᠠᠷ ᠬᠤᠯᠪᠣᠨ ᠣᠷᠣᠭᠰᠢᠯᠠᠶ᠎ᠠ︾ ᠬᠡᠬᠦ | ᠭᠤᠤᠯ ᠰᠡᠳᠦᠪ ᠢᠶᠠᠷ ᠶᠠᠷᠢᠯᠴᠠᠨ᠂ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠶᠢᠨ ᠬᠠᠮᠲᠤᠷᠠᠯᠴᠠᠭᠠᠨ ᠤ ᠤᠭ | ᠰᠠᠨᠠᠭ᠎ᠠ ᠶᠢ ᠲᠤᠷᠠᠰᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠭᠠᠷ ᠬᠤᠯᠪᠣᠨ ᠤᠷᠤᠭᠰᠢᠯᠠᠭᠰᠠᠨ ᠰᠠᠯᠬᠢ | ᠪᠣᠷᠣᠭᠠᠨ ᠲᠠᠢ ᠥᠩᠭᠡᠷᠡᠯᠲᠡ ᠪᠠᠨ ᠡᠷᠭᠢᠴᠡᠭᠦᠯᠵᠡᠶ᠃ | ᠳ᠋ᠧᠩ ᠺᠠᠶ ᠴᠢᠬᠤᠯᠠᠴᠢᠯᠠᠭᠰᠠᠨ ᠨᠢ᠂ ᠨᠢᠭᠡᠳᠦᠮᠡᠯ ᠹᠷᠣᠨᠲ ᠤᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠵᠦ᠂ | ᠬᠠᠮᠲᠤᠷᠠᠯᠴᠠᠭᠠᠨ ᠤ ᠤᠭ ᠰᠠᠨᠠᠭ᠎ᠠ ᠪᠠᠨ ᠪᠠᠲᠤᠳᠬᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠲᠡᠦᠬᠡᠨ | ᠣᠷᠣᠨ ᠪᠠᠶᠢᠷᠢ ᠶᠢ ᠡᠵᠡᠮᠳᠡᠵᠦ᠂ ᠨᠠᠮ ᠠᠴᠠ ᠨᠢᠭᠡᠳᠦᠮᠡᠯ ᠹᠷᠣᠨᠲ ᠲᠤ ᠣᠯᠭᠤᠭᠰᠠᠨ ᠢᠷᠠᠭᠤ ᠠᠯᠳᠠᠷᠲᠤ ᠡᠭᠦᠷᠭᠡ ᠶᠢ | ᠦᠨᠡᠨ ᠬᠦ ᠡᠭᠦᠷᠭᠡᠯᠡᠬᠦ ᠬᠡᠷᠡᠭᠳᠡᠢ︔ ᠨᠢᠭᠡᠳᠦᠮᠡᠯ ᠹᠷᠣᠨᠲ ᠤᠨ ᠲᠡᠦᠬᠡᠨ ᠲᠤᠷᠰᠢᠯᠭ᠎ᠠ ᠶᠢ ᠳ᠋ᠦᠩᠨᠡᠵᠦ᠂ ᠨᠠᠮ ᠤᠨ | ᠭᠤᠣᠯ ᠠᠵᠢᠯ ᠲᠠᠢ ᠨᠢᠭᠲᠠ ᠤᠶᠠᠯᠳᠣᠭᠤᠯᠵᠣ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ | ᠦᠷᠭᠦᠯᠵᠢᠯᠡᠨ ᠭᠠᠷ ᠬᠤᠯᠪᠣᠨ ᠤᠷᠤᠭᠰᠢᠯᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠬᠤᠪᠢᠰᠬᠠᠯ᠂ ᠪᠦᠳᠦᠭᠡᠨ | ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢᠨ ᠦᠢᠯᠡᠰ ᠤᠨ ᠲᠥᠯᠥᠭᠡ ᠬᠠᠮᠲᠤ ᠪᠠᠷ ᠲᠡᠮᠡᠴᠡᠬᠦ ᠬᠡᠷᠡᠭᠳᠡᠢ︔ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠪᠠᠷ ᠭᠤᠣᠯᠳᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠦᠯᠦᠪᠯᠡᠨ ᠠᠬᠢᠭᠤᠯᠬᠤ | ᠳᠤᠮᠳᠠ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢᠶᠠᠨ ᠡᠷᠭᠦᠵᠦ᠂ ᠰᠢᠨ᠎ᠡ ᠪᠠᠶᠢᠳᠠᠯ ᠤᠨ | ᠳᠣᠤᠷᠠᠬᠢ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠶ | ᠬᠡᠵᠡᠢ᠃ |