ᠲᠤᠰᠢᠶᠠᠯ | ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠲᠠ ᠶᠢᠨ | ᠳᠡᠳ᠋ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ᠃ | ᠤᠳᠤᠷᠢᠳᠤᠯᠭ᠎ᠠ ᠶᠢᠨ ᠲᠠᠨᠢᠯᠴᠠᠭᠤᠯᠭ᠎ᠠ | ᠭᠤᠤ ᠪᠥᠸᠧ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 4 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠠᠵᠢᠯ ᠤᠨ ᠬᠠᠷᠢᠭᠤᠴᠠᠯᠭ᠎ᠠ᠄ | ᠬᠤᠳᠠ ᠶᠢᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ | ᠠᠵᠤ ᠦᠢᠯᠡᠳᠪᠦᠷᠢ ᠶᠢᠨ ᠠᠵᠤ ᠠᠬᠤᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠣᠷᠣᠨ᠂ ᠤᠰᠤᠨ ᠤ ᠶᠠᠪᠤᠳᠠᠯ ᠵᠡᠷᠭᠡ ᠠᠵᠢᠯ ᠢ | ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ | ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠤᠰᠤᠨ ᠤ | ᠶᠠᠪᠤᠳᠠᠯ ᠤᠨ ᠲᠣᠪᠴᠢᠶ᠎ᠠ᠂ ᠬᠠᠲᠤᠨ ᠭᠤᠣᠯ ᠤᠨ ᠬᠠᠶᠢᠷᠤᠪ ᠤᠨ ᠪᠤᠯᠤᠩ ᠤᠨ ᠤᠰᠤᠨ ᠠᠰᠢᠭᠯᠠᠯᠲᠠ ᠶᠢᠨ | ᠵᠠᠩᠭᠢᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ᠂ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢ ᠬᠤᠪᠢᠳᠠᠨ ᠬᠠᠮᠢᠶᠠᠷᠴᠤ᠂ ᠬᠤᠲᠠ ᠶᠢᠨ | ᠳᠡᠭᠡᠳᠦ ᠰᠢᠨ᠎ᠡ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠳᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠷᠠᠳᠢᠣ᠋ ᠶᠢᠨ | ᠬᠠᠮᠢᠶᠠᠷᠤᠯᠲᠠ ᠶᠢᠨ ᠭᠠᠵᠠᠷ᠂ ᠬᠤᠳᠠ ᠶᠢᠨ ᠨᠠᠪᠴᠢᠨ ᠲᠠᠮᠠᠬᠢ ᠶᠢᠨ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ | ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠦᠬᠠᠢ ᠶᠢᠨ | ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠦᠬᠠᠢ ᠶᠢᠨ ᠬᠤᠪᠢᠶᠠᠷᠢ ᠺᠣᠮᠫᠠᠨᠢ᠂ | ᠬᠤᠳᠠ ᠳᠤ ᠰᠠᠭᠤᠭ᠎ᠠ ᠲᠥᠪ ᠤᠨ ᠰᠢᠭᠤᠳ ᠬᠠᠷᠢᠶ᠎ᠠ ᠠᠵᠤ ᠦᠢᠯᠡᠳᠪᠦᠷᠢ᠂ ᠣᠷᠣᠨ ᠤ ᠰᠢᠭᠤᠳ ᠬᠠᠷᠢᠶ᠎ᠠ ᠠᠵᠤ | ᠦᠢᠯᠡᠳᠪᠦᠷᠢ ᠶᠢᠨ ᠠᠵᠤ ᠠᠬᠤᠶᠢᠯᠠᠯ ᠲᠠᠢ ᠬᠠᠷᠢᠯᠴᠠᠨ᠎ᠠ᠃ | ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |