ᠳᠡᠭᠡᠷ᠎ᠡ ᠬᠠᠭᠠᠰ ᠵᠢᠯ ᠳᠤ ᠮᠠᠨ ᠤ ᠬᠤᠲᠠ ᠶᠢᠨ ᠬᠤᠲᠠ ᠪᠠᠯᠭᠠᠰᠤᠨ ᠤ 2097 ᠬᠥᠮᠦᠨ ᠳᠤ ᠰᠢᠨ᠎ᠡ ᠪᠠᠷ ᠠᠵᠢᠯ ᠣᠯᠭᠤᠪᠠ
ᠨᠡᠶᠢᠲᠡᠯᠡᠭᠰᠡᠨ ᠴᠠᠭ᠄
2020-07-16
     ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠦᠯᠦᠭᠡ ᠲᠤᠤᠷ᠎ᠠ᠂ ᠮᠠᠨ ᠤ ᠬᠤᠲᠠ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠢᠭᠡ ᠲᠠᠯ᠎ᠠ ᠪᠠᠷ ᠠᠵᠢᠯ ᠣᠯᠭᠤᠯᠲᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠠᠳᠬᠤᠵᠤ᠂ ᠪᠦᠬᠦ ᠬᠤᠲᠠ ᠶᠢᠨ ᠠᠵᠢᠯ ᠣᠯᠭᠤᠯᠲᠠ ᠶᠢᠨ ᠪᠠᠶᠢᠳᠠᠯ ᠬᠠᠷᠢᠴᠠᠩᠭᠤᠢ ᠪᠠᠷ ᠲᠣᠭᠲᠠᠭᠤᠨ ᠪᠠᠶᠢᠬᠤ ᠶᠢ ᠪᠠᠲᠤᠯᠠᠪᠠ᠃ ᠪᠦᠬᠦ ᠬᠤᠲᠠ ᠶᠢᠨ ᠬᠤᠲᠠ ᠪᠠᠯᠭᠠᠰᠤᠨ ᠤ 2097 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠡᠭᠦᠨ ᠳᠤ ᠠᠵᠢᠯ ᠠᠯᠳᠠᠭᠰᠠᠨ 1188 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 591 ᠬᠦᠮᠦᠨ ᠳᠤ ᠠᠵᠢᠯ ᠣᠯᠭᠤᠪᠠ︔ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.58% ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠠᠷᠠᠯᠲᠠ ᠶᠢᠨ ᠡᠭᠦᠷᠭᠡ ᠶᠢᠨ ᠳᠣᠲᠣᠷ᠎ᠠ ᠬᠢᠵᠠᠭᠠᠷᠯᠠᠪᠠ᠃      ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠲᠦᠷ ᠴᠠᠭ ᠤᠨ ᠴᠢᠨᠠᠷ ᠲᠠᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠵᠡᠷᠭᠡ 11 ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠡᠶᠢᠲᠡᠯᠡᠵᠦ᠂ ︽ᠲᠣᠭᠲᠠᠭᠤᠨ ᠢ ᠪᠠᠲᠤᠯᠠᠬᠤ︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠵᠤ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠪᠠ᠃ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠨᠠᠮᠳᠠᠭᠤᠯᠵᠤ᠂ ᠠᠵᠤ ᠠᠬᠤᠶᠢᠯᠠᠯ ᠳᠤ ᠦᠵᠡᠭᠦᠯᠬᠦ ᠳᠠᠭᠠᠷᠢᠯᠲᠠ ᠶᠢ ᠨᠠᠮᠳᠠᠭᠤᠯᠵᠤ᠂ ᠠᠵᠤ ᠠᠬᠤᠶᠢᠯᠠᠯ ᠤᠨ ᠠᠵᠢᠯ᠂ ᠦᠢᠯᠡᠳᠪᠦᠷᠢᠯᠡᠯ ᠢᠶᠠᠨ ᠰᠡᠷᠭᠦᠭᠡᠵᠦ ᠠᠵᠤ ᠠᠬᠤᠶᠢᠯᠠᠯ ᠤᠨ ᠲᠤᠭᠳᠠᠭᠤᠨ ᠠᠵᠢᠯ ᠤᠨ ᠪᠠᠶᠢᠷᠢ ᠶᠢᠨ ᠲᠤᠭᠳᠠᠭᠤᠨ ᠳᠤ ᠬᠦᠴᠦᠨ ᠨᠡᠮᠡᠷᠢᠯᠡᠵᠦ᠂ 7 ᠰᠠᠷ᠎ᠠ ᠶᠢᠨ ᠡᠬᠢ ᠪᠣᠯᠲᠠᠯ᠎ᠠ᠂ 177 ᠠᠵᠤ ᠠᠬᠤᠶᠢᠯᠠᠯ ᠨᠢᠭᠡᠨᠲᠡ ᠠᠵᠤ ᠠᠬᠤᠶᠢᠯᠠᠯ ᠤᠨ ᠲᠤᠭᠳᠠᠭᠤᠨ ᠠᠵᠢᠯ ᠤᠨ ᠪᠠᠶᠢᠷᠢ ᠶᠢᠨ ᠲᠤᠭᠳᠠᠭᠤᠨ ᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ᠂ 2039.94 ᠲᠦᠮᠡᠨ ᠲᠥᠭᠦᠷᠢᠭ ᠤᠨ ᠪᠡᠯᠡ ᠮᠥᠩᠭᠦ ᠶᠢ ᠪᠤᠴᠠᠭᠠᠨ ᠥᠭᠬᠦ ᠪᠠᠷ ᠭᠤᠶᠤᠴᠢᠯᠠᠵᠤ᠂ ᠲᠠᠭᠠᠳᠬᠠᠯ ᠳᠤ ᠣᠷᠣᠯᠴᠠᠭᠰᠠᠨ 4.36 ᠲᠦᠮᠡ ᠭᠠᠷᠤᠶ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃      ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠷᠭ᠎ᠠ ᠵᠠᠮ ᠢ ᠬᠠᠩᠭᠠᠬᠤ ᠶᠢᠨ ᠲᠥᠯᠥᠭᠡ᠂ ᠮᠠᠨ ᠤ ᠬᠤᠲᠠ ︽ᠡᠭᠦᠯᠡᠨ ᠡᠯᠰᠡᠯᠳᠡ︾ ᠵᠡᠷᠭᠡ ᠲᠠᠪᠴᠠᠩ ᠪᠠᠶᠢᠭᠤᠯᠵᠤ᠂ 7 ᠰᠠᠷ᠎ᠠ ᠶᠢᠨ ᠡᠬᠢ ᠪᠣᠯᠲᠠᠯ᠎ᠠ ᠨᠡᠶᠢᠲᠡ 31 ᠤᠳᠠᠭ᠎ᠠ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ᠡᠷᠭᠢᠯᠡᠵᠦ᠂ 4990 ᠬᠥᠮᠦᠨ ᠣᠳᠠᠭ᠎ᠠ ᠠᠵᠢᠯ ᠤᠯᠬᠤ ᠰᠠᠨᠠᠮᠵᠢ ᠲᠠᠢ ᠪᠣᠯᠪᠠ᠃ 6 ᠰᠠᠷ᠎ᠠ ᠶᠢᠨ 20 ᠤ ᠡᠳᠦᠷ ᠠᠩᠬ᠎ᠠ ᠤᠳᠠᠭᠠᠨ ᠤ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ ᠠᠩᠬ᠎ᠠ ᠠᠯᠬᠤᠮ 1200 ᠬᠥᠮᠦᠨ ᠤᠳᠠᠭ᠎ᠠ ᠠᠵᠢᠯ ᠤᠯᠬᠤ ᠰᠠᠨᠠᠮᠵᠢ ᠲᠠᠢ ᠪᠣᠯᠪᠠ᠃ ᠡᠭᠦᠨ ᠤ ᠬᠠᠮᠲᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠠᠯ᠎ᠠ ᠶᠢᠨ ᠸᠢᠴᠠᠲ ᠤᠨ ᠲᠠᠪᠴᠠᠩ ᠢᠶᠠᠷ ᠳᠠᠮᠵᠢᠭᠤᠯᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ ᠬᠡᠯᠪᠡᠷᠢ ᠪᠠᠷ ᠭᠤᠤᠯᠳᠠᠯᠭ᠎ᠠ ᠲᠠᠢ ᠲᠥᠷᠥᠯ ᠵᠦᠢᠯ ᠪᠠ ᠪᠠᠴᠢᠮ ᠠᠵᠢᠯ ᠳᠤᠲᠠᠭᠳᠠᠬᠤ ᠠᠵᠤ ᠠᠬᠤᠶᠢᠯᠠᠯ ᠤᠨ ᠠᠵᠢᠯᠲᠠᠨ ᠡᠯᠰᠡᠬᠦ ᠦᠢᠯᠡᠴᠢᠯᠡᠭᠡ ᠶᠢ ᠴᠢᠩᠭᠠᠳᠬᠠᠵᠤ᠂ ᠨᠢᠭᠡᠨᠲᠡ 1247 ᠬᠥᠮᠦᠨ ᠤᠳᠠᠭ᠎ᠠ ᠠᠵᠢᠯ ᠡᠷᠢᠭᠰᠡᠳ ᠢ ᠲᠠᠨᠢᠯᠴᠠᠭᠤᠯᠪᠠ᠃ ᠮᠠᠨ ᠤ ᠬᠤᠲᠠ ᠪᠠᠰᠠ ︽ᠰᠦᠯᠵᠢᠶᠡᠨ ᠳᠡᠭᠡᠷ᠎ᠡ ᠭᠦᠢᠴᠡᠳᠭᠡᠬᠦ᠂ ᠠᠯᠠᠭᠠᠨ ᠳᠡᠭᠡᠷ᠎ᠡ ᠬᠦᠢᠴᠡᠳᠭᠡᠬᠦ᠂ ᠤᠷᠢᠳᠴᠢᠯᠠᠨ ᠪᠣᠯᠵᠣᠵᠤ ᠬᠦᠢᠴᠡᠳᠭᠡᠬᠦ︾ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠭᠠᠷᠲᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠬᠥᠯᠥᠰᠥᠨ ᠠᠵᠢᠯᠴᠢᠨ ᠤ ᠠᠵᠢᠯ ᠤᠨ ᠪᠠᠶᠢᠷᠢ ᠪᠠ ᠠᠵᠢᠯ ᠢᠶᠠᠨ ᠰᠡᠷᠭᠦᠭᠡᠬᠦ ᠳᠤ ︽ᠴᠡᠭ ᠪᠠ ᠴᠡᠭ︾ ᠤᠨ ᠦᠢᠯᠡᠴᠢᠯᠡᠭᠡ ᠪᠠ ᠪᠦᠬᠦ ᠲᠠᠯ᠎ᠠ ᠶᠢᠨ ᠰᠦᠯᠵᠢᠶᠡᠨ ᠳᠡᠭᠡᠷᠡᠬᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠠ᠃      ᠡᠭᠦᠨ ᠤ ᠬᠠᠮᠲᠤ᠂ ᠮᠠᠨ ᠤ ᠬᠤᠲᠠ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠪᠠ᠃ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠨᠢᠭᠡᠪᠦᠷᠢ ᠶᠢᠨ ᠠᠳᠠᠯᠢ ᠪᠤᠰᠤ ᠪᠠᠶᠢᠳᠠᠯ ᠳᠤᠨᠢ ᠴᠢᠭᠯᠡᠭᠦᠯᠦᠨ᠂ ᠵᠣᠬᠢᠴᠠᠩᠭᠤᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠪᠠ᠃ ᠪᠦᠬᠦ ᠥᠪᠡᠷᠲᠡᠭᠡᠨ ᠵᠠᠰᠠᠬᠤ ᠣᠷᠣᠨ ᠳᠤ ᠠᠷᠢᠭᠤᠳᠬᠠᠵᠤ ᠬᠢᠵᠢᠭ ᠢ ᠰᠡᠷᠭᠡᠶᠢᠯᠡᠬᠦ᠂ ᠨᠡᠶᠢᠭᠡᠮ ᠲᠣᠭᠤᠷᠢᠭ ᠤᠨ ᠵᠢᠵᠢᠭᠦᠷᠯᠡᠨ ᠰᠠᠬᠢᠬᠤ ᠵᠡᠷᠭᠡ ᠲᠦᠷ ᠴᠠᠭ ᠤᠨ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠤᠷᠢᠳᠠᠪᠠᠷ ᠲᠤᠬᠢᠷᠠᠭᠤᠯᠵᠤ᠂ ᠨᠡᠶᠢᠲᠡ 624 ᠠᠵᠢᠯ ᠣᠯᠬᠤ ᠳᠤ ᠬᠦᠴᠢᠷᠲᠡᠶ ᠬᠥᠮᠦᠰ ᠢ ᠡᠯᠰᠡᠵᠦ᠂ ᠠᠵᠢᠯ ᠣᠯᠬᠤ ᠳᠤ ᠬᠦᠴᠢᠷᠲᠡᠶ ᠬᠥᠮᠦᠰ ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠵᠦ᠂ ︽ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ︾ ᠶᠢᠨ ᠬᠥᠳᠡᠯᠦᠯ ᠪᠠᠶᠢᠳᠠᠯ ᠢ ᠪᠦᠬᠦᠨ ᠢ ᠪᠠᠲᠤᠯᠠᠵᠤ᠂ ᠲᠡᠷᠡᠴᠢᠯᠡᠨ ᠠᠵᠢᠯ ᠠᠯᠳᠠᠭᠰᠠᠳ ᠲᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠲᠦᠷ ᠴᠠᠭ ᠤᠨ ᠦᠨ᠎ᠡ ᠬᠠᠩᠰᠢ ᠶᠢᠨ ᠨᠥᠬᠦᠪᠥᠷᠢ ᠪᠠ ᠳᠤᠯᠠᠭᠠᠯᠠᠬᠤ ᠨᠥᠬᠦᠪᠥᠷᠢ ᠣᠯᠭᠤᠵᠤ᠂ ᠲᠡᠳᠡᠨ ᠤ ᠦᠨᠳᠦᠰᠦᠨ ᠠᠮᠢᠳᠤᠷᠠᠯ ᠢ ᠪᠠᠲᠤᠯᠠᠪᠠ᠃      ᠡᠭᠦᠨ ᠠᠴᠠ ᠭᠠᠳᠠᠨ᠎ᠠ᠂ ᠪᠣᠯᠪᠠᠰᠤᠷᠠᠭᠤᠯᠤᠯ ᠤᠨ ᠶᠠᠰᠤ ᠴᠢᠨᠠᠷ ᠢ ᠲᠡᠭᠡᠭᠰᠢᠯᠡᠬᠦᠯᠵᠦ ᠠᠵᠢᠯ ᠣᠯᠭᠤᠬᠤ ᠴᠢᠳᠠᠪᠤᠷᠢ ᠶᠢ ᠨᠢ ᠨᠡᠮᠡᠭᠳᠡᠬᠦᠯᠬᠦ ᠶᠢᠨ ᠲᠦᠯᠦᠬᠡ᠂ ᠮᠠᠨ ᠤ ᠬᠤᠲᠠ ᠠᠵᠤ ᠠᠬᠤᠶᠢᠯᠠᠯ ᠪᠠ ᠬᠤᠪᠢ ᠬᠥᠮᠦᠨ ᠤ ︽ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ︾ ᠢ ᠠᠰᠢᠭᠯᠠ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠥᠷᠨᠢᠭᠦᠯᠬᠦ ᠶᠢ ᠢᠳᠡᠪᠬᠢᠲᠡᠶ ᠪᠠᠷ ᠬᠦᠲᠦᠯᠦᠨ ᠵᠢᠯᠤᠭᠤᠲᠤᠭᠰᠠᠨ ᠪᠦᠭᠡᠳ ᠲᠡᠮᠵᠢᠯᠭᠡ ᠦᠵᠡᠬᠦᠯᠵᠦ ᠂ ᠠᠷᠠᠳ ᠠᠴᠠ ᠡᠷᠭᠢᠯᠡᠭᠰᠡᠨ 4 ᠪᠣᠯᠪᠠᠰᠤᠷᠠᠭᠤᠯᠤᠯ ᠤᠨ ᠪᠠᠶᠢᠭᠤᠯᠤᠮᠵᠢ ᠯᠤᠭ᠎ᠠ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠪᠠᠭᠤᠷᠠᠬᠤ ᠶᠢ ᠳᠠᠭᠠᠯᠳᠤᠨ᠂ ᠮᠠᠨ ᠤ ᠬᠤᠲᠠ ᠠᠯᠬᠤᠮ ᠠᠯᠬᠤᠮ ᠢᠶᠠᠷ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠢ ᠴᠢᠯᠥᠭᠡᠲᠡᠶ ᠪᠣᠯᠭᠠᠪᠠ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠦᠢᠯᠡᠰ ᠪᠣᠰᠬᠠᠬᠤ ᠲᠠᠭᠠᠭᠠᠯᠲᠠᠲᠤ ᠵᠢᠭᠡᠯᠡᠯᠭᠡ ᠶᠢ ᠲᠡᠳᠭᠦᠬᠦ ᠡᠷᠴᠢᠮ ᠢᠶᠠᠨ ᠴᠢᠩᠭᠠᠷᠠᠭᠤᠯᠵᠤ᠂ ᠵᠢᠭᠡᠯᠡᠯᠭᠡ ᠶᠢᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 268 ᠠᠳᠠᠯ ᠦᠢᠯᠡᠰ ᠴᠣᠭᠴᠠᠯᠠᠭᠴᠢ ᠶᠢᠨ ᠠᠮᠵᠢᠯᠲᠠ ᠲᠠᠢ ᠪᠠᠷ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠵᠦ᠂ 963 ᠬᠥᠮᠦᠨ ᠳᠤ ᠠᠵᠢᠯ ᠣᠯᠭᠤᠬᠤ ᠶᠢ ᠲᠠᠶᠢᠴᠢᠯᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号