ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠬᠦ ᠵᠢᠴᠢ ︽ᠳᠣᠯᠣᠭᠠᠨ ᠰᠠᠷ᠎ᠠ ᠶᠢᠨ ᠨᠢᠭᠡᠨ︾ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-02
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠭᠡᠯᠡᠬᠦ ᠵᠢᠴᠢ ︽ᠳᠣᠯᠣᠭᠠᠨ ᠰᠠᠷ᠎ᠠ ᠶᠢᠨ ᠨᠢᠭᠡᠨ︾  ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠨ ᠬᠦᠸᠧ ᠡᠤ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠳᠡᠳ᠋ ᠡᠷᠬᠢᠯᠡᠭᠴᠢ ᠿᠧᠨ ᠸᠧᠨ ᠢ ᠬᠤᠷᠠᠯ ᠡᠷᠬᠢᠯᠡᠵᠦ᠂ ᠳᠡᠳ᠋ ᠡᠷᠬᠢᠯᠡᠭᠴᠢ ᠯᠢᠦ ᠬᠤᠩ ᠶᠦᠨ᠂ ᠯᠢᠦ ᠵᠢᠢ ᠭᠤᠤ᠂ ᠪᠠᠢ ᠬᠠᠢ ᠿᠦᠩ᠂ ᠡᠦ ᠰᠢᠶᠤᠤ ᠾᠦᠢ᠂ ᠸᠠᠩ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ᠬᠥᠬᠢᠭᠦᠯᠦᠨ ᠰᠠᠶᠢᠰᠢᠶᠠᠭᠳᠠᠭᠰᠠᠨ ᠬᠥᠮᠦᠰ ᠲᠤ ᠱᠠᠩᠨᠠᠯ ᠭᠠᠷᠳᠠᠭᠤᠯᠪᠠ᠃ ᠬᠠᠨ ᠬᠦᠸᠧ ᠦ᠋ ᠬᠥᠬᠢᠭᠦᠯᠦᠨ ᠰᠠᠶᠢᠰᠢᠶᠠᠭᠳᠠᠭᠰᠠᠨ ᠬᠥᠮᠦᠰ ᠲᠤ ᠪᠠᠶᠠᠷ ᠬᠦᠷᠭᠡᠭᠰᠡᠨ ᠪᠥᠭᠡᠳ ᠤᠯᠠᠨ ᠤ ᠨᠢᠭᠡ ᠵᠢᠯ ᠤᠨ ᠲᠤᠷᠰᠢ ᠭᠠᠷᠭᠠᠭᠰᠠᠨ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃      ᠬᠠᠨ ᠬᠦᠸᠧ ᠡᠤ ᠵᠢᠭᠠᠵᠤ ᠭᠠᠷᠭᠠᠭᠰᠠᠨ ᠨᠢ᠂ 2019 ᠣᠨ ᠠᠴᠠ ᠨᠠᠰᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ ᠦᠨᠡᠨ ᠬᠦ ᠠᠳᠬᠤᠵᠤ ᠪᠣᠳᠠᠲᠠᠶ ᠠᠵᠢᠯᠯᠠᠬᠤ ᠰᠤᠷᠲᠠᠯ ᠢᠶᠠᠨ ᠢᠮᠠᠭᠲᠠ ᠪᠠᠲᠤᠯᠠᠵᠤ᠂ ᠬᠦᠴᠢᠷ ᠢ ᠢᠯᠠᠨ ᠳᠠᠪᠠᠭ᠋ᠤ ᠰᠥᠰᠥ ᠵᠣᠷᠢᠭ ᠢᠶᠠᠨ ᠢᠮᠠᠭᠲᠠ ᠬᠠᠳᠠᠭᠠᠯᠠᠵᠤ᠂ ᠰᠢᠨ᠎ᠡ ᠶᠢ ᠡᠭᠦᠳᠴᠦ ᠤᠷᠤᠭᠰᠢᠯᠠᠨ ᠳᠠᠪᠰᠢᠬᠤ ᠦᠵᠡᠯ ᠤᠬᠠᠮᠰᠠᠷ ᠢ ᠢᠮᠠᠭᠲᠠ ᠪᠠᠷᠢᠮᠲᠠᠯᠠᠵᠤ᠂ ᠳᠡᠭᠡᠳᠦ ᠳᠤᠤᠷᠠᠳᠤ ᠱᠠᠲᠤ ᠪᠠᠷ ᠢᠶᠠᠨ ᠰᠡᠳᠬᠢᠯ ᠨᠢᠭᠡᠳᠴᠦ᠂ ᠵᠠᠮ ᠨᠡᠭᠡᠭᠡᠨ ᠤᠷᠤᠭᠰᠢᠯᠠᠵᠤ ᠂ ᠡᠯ᠎ᠡ ᠵᠦᠢᠯ ᠤᠨ ᠠᠵᠢᠯ ᠪᠠᠶᠠᠷᠯᠠᠭᠤᠰᠢᠲᠠᠶ ᠠᠮᠵᠢᠯᠳᠠ ᠤᠯᠪᠠ᠃ ᠳᠠᠷᠠᠭ᠎ᠠ ᠠᠯᠬᠤᠮ ᠳᠤ᠂ ᠪᠦᠬᠦ ᠪᠠᠶᠢᠭᠤᠯᠭ᠎ᠠ ᠶᠢᠨ ᠺᠠᠳ᠋ᠷ ᠠᠵᠢᠯᠲᠠᠳ ᠪᠣᠳᠠᠲᠠᠶ ᠪᠠᠷ ᠰᠢᠨ᠎ᠡ ᠶᠢ ᠡᠭᠦᠳᠬᠦ ᠵᠣᠷᠢᠭᠲᠠᠶ ᠪᠠᠷ ᠡᠭᠦᠷᠭᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠲᠡᠭᠦᠯᠳᠡᠷ ᠬᠠᠯᠠᠭᠤᠨ ᠰᠡᠳᠭᠢᠯᠭᠡ᠂ ᠨᠡᠩ ᠪᠣᠳᠠᠲᠠᠶ ᠰᠤᠷᠲᠠᠯ᠂ ᠨᠡᠩ ᠢᠳᠡᠪᠬᠢᠲᠡᠶ ᠣᠪᠣᠷ ᠢᠶᠠᠷ ᠠᠵᠢᠯ ᠳᠠᠭᠠᠨ ᠣᠷᠣᠯᠴᠠᠵᠤ᠂ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠳᠡᠢ ᠬᠡᠵᠡᠢ      ᠬᠠᠨ ᠬᠦᠸᠧ ᠡᠤ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠨᠡᠮᠡᠭᠳᠡᠭᠦᠯᠬᠦ ᠲᠠᠯ᠎ᠠ ᠪᠠᠷ ᠬᠦᠴᠦᠯᠡᠨ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠯᠤᠰ ᠲᠦᠷᠦ ᠶᠢᠨ ᠵᠥᠪ ᠴᠢᠭᠯᠡᠯ ᠢ ᠢᠮᠠᠭᠲᠠ ᠪᠠᠲᠤ ᠡᠵᠡᠮᠳᠡᠬᠦ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ ᠳᠡᠭᠡᠷ᠎ᠡ ᠳᠠᠷᠤᠯᠲᠠ ᠪᠠ ᠬᠦᠴᠦ ᠨᠡᠮᠡᠵᠦ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠠᠳᠬᠤᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠬᠦᠯᠵᠦ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠳᠡᠢ︔ ᠴᠢᠩᠭ᠎ᠠ ᠪᠥᠭᠡᠳ ᠪᠣᠳᠠᠲᠠᠶ ᠪᠠᠶᠢᠬᠤ ᠶᠢ ᠪᠠᠷᠢᠮᠲᠠᠯᠠᠬᠤ ᠳᠡᠭᠡᠷ᠎ᠡ ᠳᠠᠷᠤᠯᠲᠠ ᠪᠠ ᠬᠦᠴᠦ ᠨᠡᠮᠡᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠭᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠭᠡᠷᠡᠭᠳᠡᠢ︔ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠨᠡᠩ ᠢᠯᠡᠭᠦᠤ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠠᠵᠢᠯ ᠤᠨ ᠰᠤᠷᠲᠠᠯ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠲᠡᠭᠡᠭᠰᠢᠯᠡᠬᠦᠯᠵᠦ᠂ ᠪᠠᠶᠢᠭᠤᠯᠭ᠎ᠠ ᠶᠢᠨ ᠠᠵᠢᠯ ᠤᠨ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠡᠢ᠃      
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号