ᠬᠤᠲᠠ ᠶᠢᠨ ᠤᠳᠤᠷᠢᠳᠤᠯᠭ᠎ᠠ ᠽᠧ ᠶᠤᠸᠠᠨ ᠨᠡᠶᠢᠭᠡᠮ ᠲᠣᠭᠤᠷᠢᠭ ᠲᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2020-07-21
     7 ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠭᠢᠯᠡᠭᠴᠢ ᠯᠦᠸᠧ ᠵᠢᠶᠦ᠋ᠨ ᠶᠤᠸᠠᠨ ᠤᠳᠠ ᠲᠣᠭᠤᠷᠢᠭ ᠤᠨ ᠣᠯᠠᠭᠠᠨᠨᠠᠭᠤᠷ ᠪᠠᠯᠭᠠᠰᠤᠨ ᠤ ᠽᠧ ᠶᠤᠸᠠᠨ ᠨᠡᠶᠢᠭᠡᠮ ᠲᠤᠭᠤᠷᠢᠭ ᠲᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠯᠠᠭᠠᠨᠨᠠᠭᠤᠷ ᠪᠠᠯᠭᠠᠰᠤᠨ ᠤ ᠪᠦᠬᠦ ᠺᠠᠳ᠋ᠷ ᠠᠵᠢᠯᠳᠠᠨ ᠵᠢᠴᠢ ᠽᠧ ᠶᠤᠸᠠᠨ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠲᠥᠯᠥᠭᠡᠯᠡᠭᠴᠢ᠂ ᠲᠣᠰᠬᠤᠨ ᠤ ᠠᠷᠠᠳ ᠤᠨ ᠲᠥᠯᠥᠭᠡᠯᠡᠭᠴᠢ᠂ ︽ᠬᠤᠶᠠᠷ ᠵᠥᠪᠯᠡᠯ︾ ᠤᠨ ᠪᠦᠷᠢᠯᠲᠦᠭᠦᠨ 70 ᠭᠠᠷᠤᠢ ᠬᠥᠮᠦᠨ ᠣᠷᠣᠯᠴᠠᠪᠠ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠯᠦᠸᠧ ᠵᠢᠶᠦ᠋ᠨ ᠶᠤᠸᠠᠨ ᠪᠥᠬᠦ ᠤᠯᠤᠰ ᠤᠨ ᠬᠤᠶᠠᠷ ᠬᠤᠷᠠᠯ ᠤᠨ ᠦᠨᠳᠦᠰᠦᠨ ᠪᠠᠶᠢᠳᠠᠯ᠂ ᠭᠤᠤᠯ ᠣᠨᠴᠠᠯᠢᠭ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠬᠤᠪᠢ ᠬᠥᠮᠦᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠠ᠃ ᠲᠡᠷᠡ ᠬᠡᠯᠡᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠣᠶᠢᠯᠠᠭᠠᠯᠲᠠ ᠭᠦᠨ᠂ ᠬᠠᠯᠠᠮᠵᠢ ᠬᠦᠢᠴᠡᠳ ᠢ ᠢᠯᠡᠷᠡᠭᠦᠯᠵᠦ᠂ ᠪᠢᠳᠡᠨ ᠤ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠬᠦ ᠳᠤ ᠠᠷᠭ᠎ᠠ ᠵᠠᠮ᠂ ᠵᠢᠭᠠᠨ ᠰᠤᠷᠭᠠᠬᠤ ᠠᠷᠭ᠎ᠠ ᠶᠢ ᠲᠣᠳᠣᠷᠬᠠᠶ ᠵᠢᠭᠠᠨ ᠦᠭᠴᠦ᠂ ᠪᠢᠳᠡᠨ ᠤ ᠬᠢᠵᠢᠭ ᠤᠨ ᠪᠠᠶᠢᠳᠠᠯ ᠤᠨ ᠠᠰᠢᠭ ᠦᠭᠡᠢ ᠨᠥᠯᠥᠭᠡ ᠶᠢ ᠲᠡᠪᠴᠢᠬᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠶᠢ ᠰᠠᠶᠢᠲᠤᠷ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠢᠯᠠᠯᠲᠠ ᠶᠢ ᠤᠯᠬᠤ ᠢᠲᠡᠭᠡᠯ ᠵᠣᠷᠢᠭ ᠢ ᠨᠡᠩ ᠪᠠᠲᠤᠳᠬᠠᠪᠠ ᠬᠡᠵᠡᠢ᠃ ᠲᠡᠷᠡ ᠨᠡᠶᠢᠭᠡᠮ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠪᠣᠯᠤᠨ ᠺᠠᠳ᠋ᠷ ᠣᠯᠠᠨ ᠲᠦᠮᠡᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯᠴᠢ ᠬᠥᠳᠡᠯᠮᠦᠷᠢᠴᠢ ᠪᠠᠷ ᠪᠣᠳᠠᠲᠠᠢ ᠶᠢ ᠡᠷᠬᠢᠮᠯᠡᠬᠦ᠂ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠢᠳᠡᠪᠬᠢᠲᠡᠢ ᠠᠬᠢᠭᠤᠯᠵᠤ᠂ ᠽᠧ ᠶᠤᠸᠠᠨ ᠨᠡᠶᠢᠭᠡᠮ ᠲᠣᠭᠤᠷᠢᠭ ᠢ ᠡᠶ᠎ᠡ ᠵᠣᠬᠢᠴᠠᠯ ᠲᠠᠢ ᠪᠥᠭᠡᠳ ᠡᠮᠬᠢ ᠳᠢᠭᠯᠢᠮ ᠲᠠᠢ᠂ ᠪᠣᠬᠢᠷᠲᠤᠯ ᠦᠭᠡᠶ ᠪᠤᠯᠪᠠᠰᠣᠨ᠂ ᠠᠮᠢᠳᠤᠷᠠᠯ ᠪᠠᠶᠠᠨ ᠴᠢᠨᠡᠭᠡᠯᠢᠭ ᠵᠣᠯ ᠵᠢᠷᠭᠠᠯᠲᠤ ᠭᠡᠷ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠬᠡᠵᠦ ᠬᠦᠰᠡᠪᠡ᠃      ᠳᠠᠷᠠᠭ᠎ᠠ ᠨᠢ᠂ ᠯᠦᠸᠧ ᠵᠢᠶᠦ᠋ᠨ ᠶᠤᠸᠠᠨ ᠪᠠᠰᠠ ᠤᠳᠠ ᠲᠣᠭᠤᠷᠢᠭ ᠤᠨ ᠣᠯᠠᠭᠠᠨᠨᠠᠭᠤᠷ ᠪᠠᠯᠭᠠᠰᠤᠨ ᠤ ︽ᠠᠯᠪᠠᠨ ᠤ ᠭᠤᠷᠪᠠᠨ ᠵᠠᠷᠣᠳᠠᠯ︾ ᠢ ᠢᠯᠡ ᠪᠣᠯᠭᠠᠬᠤ ᠪᠠ ᠤᠳᠠ ᠲᠣᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠠᠴᠠ ᠵᠦᠷᠢᠴᠡᠵᠦ ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号